6 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ 2025 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ | ᠲᠣᠭᠲᠠᠭᠠᠯ ᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠡᠢ᠃ ᠬᠤᠷᠠᠯ ᠠᠴᠠ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ | ᠴᠢᠨᠠᠷ ᠢ ᠭᠦᠢᠴᠡᠳ ᠲᠠᠨᠢᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠪᠠᠶᠢᠳᠠᠯ ᠡᠭᠦᠰᠬᠦ ᠶᠢ ᠡᠷᠡᠰ | ᠬᠤᠷᠢᠭᠯᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠡᠯ᠎ᠡ ᠲᠦᠷᠦᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ | ᠵᠡᠷᠭᠡ ︽ᠲᠦᠷᠪᠡᠨ ᠰᠤᠷᠲᠠᠯ︾ ᠤᠨ ᠠᠰᠠᠭᠤᠳᠠᠯ ᠢ ᠡᠷᠡᠰ ᠵᠠᠯᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ ᠦᠵᠡᠯ ᠰᠠᠨᠠᠭᠠᠨ ᠤ ᠤᠬᠠᠮᠰᠠᠷ | ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠬᠦᠢᠴᠡᠳᠭᠡᠨ᠂ ᠡᠳᠦᠷ ᠳᠤᠳᠤᠮ ᠤᠨ ᠠᠵᠢᠯ ᠤᠨ ᠰᠠᠬᠢᠯᠭ᠎ᠠ | ᠪᠠᠲᠤ ᠶᠢᠨ ᠰᠠᠨᠠᠭᠤᠯᠤᠮᠵᠢ ᠪᠣᠯᠤᠨ ︽ᠨᠠᠢᠮᠠᠨ ᠴᠠᠭ ᠠᠴᠠ ᠭᠠᠳᠠᠨᠠᠬᠢ︾ ᠰᠠᠬᠢᠯᠭ᠎ᠠ ᠪᠠᠲᠤ ᠣᠪᠣᠷ ᠰᠤᠷᠲᠠᠯ ᠤᠨ | ᠰᠠᠨᠠᠭᠤᠯᠤᠮᠵᠢ ᠶᠢ ᠲᠦᠷᠦᠭᠦᠯᠡᠨ ᠰᠠᠶᠢᠲᠤᠷ ᠬᠢᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ | ᠠᠵᠢᠯᠯᠠᠭ᠎ᠠ ᠶᠢ ᠲᠦᠷᠦᠭᠦᠯᠡᠨ ᠬᠤᠷᠢᠭᠯᠠᠵᠤ᠂ ᠪᠡᠶ᠎ᠡ ᠪᠠᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠶᠢ ᠡᠷᠡᠰ | ᠡᠭᠦᠷᠭᠡᠯᠡᠬᠦ᠂ ᠬᠠᠮᠢᠶᠠᠷᠤᠯᠲᠠ ᠶᠢ ᠴᠢᠩᠭ᠎ᠠ ᠶᠠᠪᠤᠭᠳᠠᠭᠤᠯᠬᠤ ᠶᠢ ᠵᠠᠪᠠᠯ ᠪᠡᠶᠡᠯᠡᠬᠦᠯᠦᠨ᠂ ᠥᠷᠭᠡᠨ ᠤᠯᠠᠨ ᠨᠠᠮ ᠤᠨ | ᠭᠡᠰᠢᠭᠦᠨ᠂ ᠺᠠᠳᠠᠷ ᠠᠵᠢᠯᠳᠠᠳ ᠢ ᠲᠠᠶᠢᠴᠢᠯᠠᠨ ᠰᠠᠶᠢᠨ ᠰᠠᠶᠢᠬᠠᠨ ᠨᠠᠮ ᠤᠨ ᠰᠤᠷᠲᠠᠯ ᠵᠠᠰᠠᠭ ᠤᠨ ᠰᠤᠷᠲᠠᠯ ᠢ | ᠪᠤᠶᠢᠵᠢᠭᠤᠯᠵᠤ᠂ ᠠᠷᠢᠭᠤᠨ ᠴᠢᠬᠡᠴᠢ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠶᠢᠭᠤᠯᠬᠤ ᠬᠡᠷᠡᠭᠲᠡᠢ | ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ | ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠠᠵᠢᠯ ᠤᠨ ᠲᠤᠬᠠᠢ ᠰᠤᠳᠤᠯᠤᠨ ᠶᠠᠷᠢᠯᠴᠠᠪᠠ᠃ |