ᠵᠠᠩ ᠶᠦᠩ ᡁᠢ ᠬᠠᠨ᠎ᠠ ᠬᠠᠳᠠ ᠶᠢᠨ ᠦᠵᠡᠮᠵᠢ ᠶᠢᠨ ᠤᠷᠤᠨ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2025/6/16
   6 ᠰᠠᠷ᠎ᠠ ᠶᠢᠨ 14᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠶᠦᠩ ᡁᠢ ᠬᠠᠨ᠎ᠠ ᠬᠠᠳᠠ ᠶᠢᠨ ᠦᠵᠡᠮᠵᠢ ᠶᠢᠨ ᠤᠷᠤᠨ ᠳᠤ ᠬᠦᠨᠵᠡᠬᠡᠶᠢᠷᠡᠵᠦ᠂ ᠪᠠᠶᠢᠭᠠᠯᠢ ᠶᠢᠨ ᠦᠵᠡᠮᠵᠢ ᠶᠢ ᠬᠠᠮᠠᠭᠠᠯᠠᠬᠤ ᠪᠠ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠳᠡᠳ᠋ ᠬᠤᠰᠢᠭᠤ ᠳᠠᠷᠤᠭ᠎ᠠ ᠾᠧ ᠳ᠋ᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ᠬᠠᠨ᠎ᠠ ᠬᠠᠳᠠ ᠶᠢᠨ ᠭᠠᠵᠠᠷ ᠰᠢᠨᠵᠢᠯᠡᠭᠡᠨ ᠤ ᠦᠵᠡᠮᠵᠢ ᠪᠣᠯ ᠲᠠᠶᠢᠹᠤᠰᠧ ᠬᠤᠰᠢᠭᠤᠨ ᠤ ᠤᠯᠠᠨ ᠠᠴᠠ ᠢᠯᠭᠠᠭᠳᠠᠬᠤ ᠴᠢᠨᠠᠷ ᠲᠠᠢ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠪᠠᠶᠢᠵᠤ᠂  ᠦᠪᠡᠷᠮᠢᠴᠡ ᠤᠨᠴᠠᠭᠠᠢ ᠦᠩᠭᠡ ᠲᠦᠷᠬᠦ ᠠᠴᠠ ᠪᠠᠨ ᠪᠤᠯᠤᠭᠠᠳ ᠤᠷᠲᠤ ᠬᠤᠭᠤᠴᠠᠭᠠᠨ ᠤ  ᠲᠤᠷᠰᠢ ᠬᠤᠯᠠ  ᠤᠶᠢᠷ᠎ᠠ ᠶᠢᠨ ᠵᠢᠭᠤᠯᠴᠢᠯᠠᠭᠴᠢ ᠶᠢᠨ ᠪᠠᠭ᠋ᠠᠷᠬᠠᠯ ᠢ ᠲᠠᠳᠠᠵᠤ ᠢᠷᠡᠭᠰᠡᠨ ᠪᠠᠶᠢᠨ᠎ᠠ᠃ ᠤᠶᠢᠷ᠎ᠠ ᠳᠤ ᠬᠦᠨᠪᠤᠯᠠᠭ ᠰᠤᠮᠤᠨ ᠪᠠᠶᠠᠨ ᠴᠠᠭᠠᠨ ᠨᠠᠭᠤᠷ ᠨᠢ  ︽ᠰᠦᠨ ᠨᠠᠭᠤᠷ︾᠎  ᠬᠡᠵᠦ  ᠨᠡᠷ᠎ᠡ ᠠᠯᠳᠠᠷᠰᠢᠬᠤ ᠶᠢ ᠲᠠᠭᠠᠯᠳᠤᠭᠠᠳ᠂ ᠬᠠᠨ᠎ᠠ ᠬᠠᠳᠠ ᠶᠢ ᠦᠵᠡᠵᠦ ᠰᠤᠨᠢᠷᠬᠠᠬᠤ ᠬᠦᠮᠦᠨ ᠴᠤ ᠶᠡᠭᠡ ᠬᠡᠮᠵᠢᠶ᠎ᠡ ᠪᠠᠷ ᠨᠡᠮᠡᠭᠳᠡᠵᠡᠢ᠃ ᠵᠠᠩ ᠶᠦᠩ ᡁᠢ ᠪᠠᠶᠢᠴᠠᠭᠠᠨ ᠰᠤᠳᠤᠯᠤᠯᠲᠠ ᠬᠢᠬᠦ ᠳᠡᠭᠡᠨ᠂  ᠪᠤᠤᠴᠠᠩ ᠪᠠᠯᠭᠠᠰᠤ ᠪᠤᠯᠤᠨ ᠬᠤᠰᠢᠭᠤᠨ ᠎ ᠤ ᠰᠣᠶᠣᠯ ᠵᠢᠭᠤᠯᠴᠢᠯᠠᠯ ᠤᠨ ᠲᠣᠪᠴᠢᠶ᠎ᠠ  ᠎ ᠨᠢ ᠦᠵᠡᠮᠵᠢ ᠶᠢᠨ ᠣᠷᠣᠨ ᠤ  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ ᠭᠠᠵᠠᠷ ᠰᠢᠨᠵᠢᠯᠡᠭᠡᠨ ᠤ ᠦᠵᠡᠮᠵᠢ ᠶᠢ ᠬᠠᠮᠠᠭᠠᠯᠠᠬᠤ ᠶᠢᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠬᠦᠴᠦᠯᠡᠨ ᠴᠢᠷᠮᠠᠶᠢᠬᠤ ᠬᠡᠷᠡᠭᠲᠡᠶ᠃ ᠨᠢᠭᠡ ᠲᠠᠯ᠎ᠠ ᠪᠠᠷ ᠤᠬᠠᠭᠤᠯᠭ᠎ᠠ ᠵᠢᠯᠤᠭᠤᠳᠤᠯᠭ᠎ᠠ ᠴᠢᠩᠭᠠᠳᠬᠠᠨ᠂ ᠵᠢᠭᠤᠯᠴᠢᠯᠠᠭᠴᠢᠳ ᠤᠨ ᠪᠣᠯᠪᠠᠰᠤᠨ ᠢᠶᠠᠷ  ᠵᠢᠭᠤᠯᠴᠢᠯᠠᠬᠤ ᠶᠢ ᠤᠷᠢᠶᠠᠯᠠᠨ᠂  ᠠᠰᠬ᠎ᠠ ᠬᠠᠳᠠ ᠶᠢ ᠠᠪᠠᠷᠢᠬᠤ ᠵᠡᠷᠭᠡ ᠠᠶᠤᠯᠲᠠᠢ ᠠᠵᠢᠯᠯᠠᠭ᠎ᠠ ᠶᠢ ᠡᠷᠡᠰ ᠬᠤᠷᠢᠭᠯᠠᠵᠤ᠂ ᠦᠵᠡᠮᠵᠢ ᠶᠢᠨ ᠤᠷᠤᠨ ᠤ ᠢᠵᠠᠭᠤᠷ ᠲᠦᠷᠬᠦ ᠶᠢ ᠬᠠᠮᠲᠤ ᠪᠠᠷ ᠰᠠᠬᠢᠨ ᠬᠠᠮᠠᠭᠠᠯᠠᠬᠤ ᠭᠡᠷᠡᠭᠳᠡᠢ  ᠃ ᠨᠥᠭᠦᠭᠡ ᠲᠠᠯ᠎ᠠ ᠪᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠦᠵᠡᠮᠵᠢ ᠶᠢᠨ ᠤᠷᠤᠨ ᠤ  ᠣᠷᠴᠢᠨ ᠲᠣᠭᠤᠷᠢᠨ ᠤ ᠵᠠᠰᠠᠯᠳᠠ ᠶᠢ ᠴᠢᠩᠭᠠᠳᠬᠠᠨ᠂ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ᠂ ᠦᠵᠡᠮᠵᠢ ᠶᠢᠨ ᠣᠷᠣᠨ ᠤ ᠴᠡᠪᠡᠷ ᠭᠤᠶᠤ ᠪᠠᠶᠢᠬᠤ ᠶᠢ ᠪᠠᠲᠤᠯᠠᠨ᠂  ᠵᠢᠭᠤᠯᠴᠢᠯᠠᠭᠴᠢᠳ ᠲᠤ ᠰᠡᠳᠬᠢᠯ ᠲᠠᠭᠠᠯᠠᠮᠵᠢᠲᠠᠢ᠂ ᠠᠮᠤᠷ ᠲᠦᠪᠰᠢᠨ᠂ ᠭᠤᠶᠤ ᠰᠠᠶᠢᠬᠠᠨ ᠵᠢᠭᠤᠯᠴᠢᠯᠠᠯ ᠤᠨ ᠣᠷᠴᠢᠨ ᠲᠣᠭᠤᠷᠢᠨ ᠢ ᠬᠠᠩᠭᠠᠵᠤ᠂  ᠲᠠᠶᠢᠹᠤᠰᠧ ᠬᠤᠰᠢᠭᠤᠨ ᠤ ᠪᠠᠨ ᠰᠤᠶᠤᠯ ᠵᠢᠭᠤᠯᠴᠢᠯᠠᠯ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠲᠡᠭᠡᠭᠰᠢᠯᠡᠬᠦᠯᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号