6 ᠳ᠋ᠤᠭᠠᠷ ᠰᠠᠷ᠎ᠠ ᠪᠣᠯ ᠠᠷᠪᠠᠨ ᠭᠤᠷᠪᠠᠳᠤᠭᠠᠷ ᠪᠥᠬᠦ ᠤᠯᠤᠰ ᠤᠨ ︽ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠰᠡᠷᠭᠡᠶᠢᠯᠡᠬᠦ︾ ᠤᠬᠠᠭᠤᠯᠭ᠎ᠠ ᠶᠢᠨ ᠰᠠᠷ᠎ᠠ ᠪᠣᠯᠤᠨ᠎ᠠ᠃ 6 ᠰᠠᠷ᠎ᠠ ᠶᠢᠨ 15 ᠤ ᠡᠳᠦᠷ᠂ | ᠲᠠᠶᠢᠹᠤᠰᠧ ᠬᠤᠰᠢᠭᠤᠨ ᠤ ᠬᠢᠨ ︽ᠵᠣᠭᠤᠰᠣᠨ ᠴᠦᠩᠬᠦ ᠪᠠᠨ ᠬᠠᠮᠠᠭᠠᠯᠠᠵᠤ ᠵᠢᠷᠭᠠᠯᠲᠤ ᠠᠮᠢᠳᠤᠷᠠᠯ ᠢᠶᠠᠨ | ᠴᠤᠭᠴᠠᠯᠠᠬᠤ︾ ᠪᠠᠷ ᠭᠤᠣᠯ ᠰᠡᠳᠦᠪ ᠪᠣᠯᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠢᠷᠡᠵᠦ ᠶᠠᠪᠤᠭ᠎ᠠ ᠣᠯᠠᠨ ᠲᠦᠮᠡᠨ ᠳᠤ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢᠨ ᠭᠤᠤᠯ ᠢᠯᠡᠷᠡᠯ᠂ ᠪᠠᠶᠢᠩᠭᠤ ᠲᠣᠬᠢᠶᠠᠯᠳᠤᠳᠠᠭ ᠠᠷᠭ᠎ᠠ ᠪᠠᠰᠢᠷ ᠢ ᠲᠠᠨᠢᠭᠤᠯᠵᠤ᠂ | ᠤᠯᠠᠨ ᠲᠦᠮᠡᠨ ᠤ ᠲᠦᠭᠰᠢᠭᠦᠷᠢ ᠠᠴᠠ ᠰᠡᠷᠭᠡᠶᠢᠯᠡᠬᠦ ᠤᠬᠠᠮᠰᠠᠷ ᠢ ᠴᠢᠩᠭᠠᠳᠬᠠᠨ᠂ ᠥᠪᠡᠷ ᠤᠨ ︽ᠵᠣᠭᠤᠰᠣᠨ | ᠴᠦᠩᠬᠦ︾ ᠪᠠᠨ ᠰᠠᠶᠢᠲᠤᠷ ᠰᠠᠬᠢᠨ ᠬᠠᠮᠠᠭᠠᠯᠠᠬᠤ ᠶᠢ ᠤᠷᠢᠶᠠᠯᠠᠵᠠᠢ᠃ ᠡᠨᠡ ᠤᠳᠠᠭᠠᠨ ᠤ ᠠᠵᠢᠯᠯᠠᠭ᠎ᠠ ᠶᠢ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠲᠠᠶᠢᠹᠤᠰᠧ ᠬᠤᠰᠢᠭᠤᠨ ᠤ ᠰᠠᠯᠪᠤᠷᠢ | ᠲᠣᠪᠴᠢᠶ᠎ᠠ ᠵᠢᠴᠢ ᠲᠠᠶᠢᠹᠤᠰᠧ ᠬᠤᠰᠢᠭᠤᠨ ᠳᠠᠬᠢ ᠡᠯ᠎ᠡ ᠪᠠᠩᠬᠢ᠂ ᠳᠠᠭᠠᠳᠬᠠᠯ ᠤᠨ ᠺᠣᠮᠫᠠᠨᠢ ᠠᠴᠠ ᠬᠠᠮᠵᠢᠯᠴᠠᠨ | ᠡᠷᠬᠢᠯᠡᠪᠡ᠃ ᠠᠬᠤᠢ ᠲᠠᠯᠠᠪᠠᠢ ᠳᠤ ᠨᠡᠶᠢᠲᠡ 1000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ | ᠣᠯᠠᠨ ᠲᠦᠮᠡᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠨ ᠬᠤᠷᠢᠭᠯᠠᠬᠤ ᠤᠬᠠᠮᠰᠠᠷ ᠢ | ᠴᠢᠩᠭᠠᠳᠬᠠᠨ ᠢᠳᠡᠪᠬᠢᠵᠢᠯ ᠢ ᠲᠠᠶᠢᠴᠢᠯᠠᠵᠤ ᠂ ᠮᠦᠩᠬᠦᠨ ᠬᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ | ᠪᠣᠶ ᠪᠤᠯᠭᠠᠵᠠᠢ᠃ ᠲᠠᠷᠠᠭᠠᠴᠢ ᠶᠢᠨ ᠠᠯᠬᠤᠮ ᠳᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ | ᠦᠷᠭᠦᠯᠵᠢᠯᠡᠨ ᠴᠢᠩᠭᠠᠳᠬᠠᠵᠤ᠂ ᠨᠠᠩ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ᠂ ᠪᠥᠬᠦ | ᠬᠤᠰᠢᠭᠤᠨ ᠤ ᠮᠥᠩᠭᠦᠨ ᠭᠦᠢᠯᠭᠡᠭᠡᠨ ᠤ ᠡᠮᠬᠢ ᠳᠢᠭᠯᠢᠮ ᠪᠠ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠵᠤ᠂ | ᠪᠥᠬᠦ ᠠᠷᠠᠳ ᠢᠶᠠᠷ ᠢᠶᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠤᠯᠭᠠᠬᠤ ᠪᠠᠷ ᠪᠠᠶᠢᠨ᠎ᠠ᠃ |