ᠠᠷᠠᠳ ᠤᠯᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠬᠦ ᠶᠢᠨ ᠲᠥᠯᠥᠭᠡ᠂ 6 ᠰᠠᠷ᠎ᠠ ᠶᠢᠨ 16 ᠤ ᠡᠳᠦᠷ ᠲᠠᠶᠢᠹᠤᠰᠧ ᠬᠤᠰᠢᠭᠤᠨ ᠤ ᠬᠢᠨ ︽ | ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ — ᠳᠡᠷᠭᠡᠳᠡᠬᠢ | ᠠᠮᠤᠷ ᠲᠦᠪᠰᠢᠨ ᠤ ᠬᠡᠮ ᠰᠣᠭᠤᠭ ᠢ ᠡᠷᠢᠬᠦ︾ ᠪᠠᠷ ᠭᠤᠤᠯ ᠰᠡᠳᠦᠪ ᠪᠣᠯᠭᠠᠭᠰᠠᠨ ︽ᠠᠮᠤᠷ ᠲᠦᠪᠰᠢᠨ ᠤ | ᠤᠬᠠᠭᠤᠯᠭ᠎ᠠ ᠯᠠᠪᠯᠠᠭ᠎ᠠ ᠶᠢᠨ ᠡᠳᠦᠷ︾ ᠤᠨ ᠠᠵᠢᠯᠯᠠᠭ᠎ᠠ ᠦᠷᠨᠢᠬᠦᠯᠪᠡ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠯᠢ ᠳ᠋ᠦᠩ ᠯᠢᠨ ᠠᠵᠢᠯᠯᠠᠭ᠎ᠠ ᠳᠤ ᠣᠷᠣᠯᠴᠠᠵᠤ ᠪᠠᠶᠠᠷ ᠤᠨ | ᠦᠭᠡ ᠬᠡᠯᠡᠵᠡᠶ᠃ ᠠᠬᠤᠢ ᠲᠠᠯᠠᠪᠠᠶ ᠳᠤ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ | ᠭᠡᠰᠢᠬᠦᠨ ᠨᠢᠭᠡᠴᠡ ᠨᠢ ᠲᠣᠰ ᠲᠣᠰ ᠤᠨ ᠠᠵᠢᠯ ᠲᠥᠷᠥᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠠᠰᠠᠭᠤᠨ | ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠮᠤᠷ ᠲᠦᠪᠰᠢᠨ ᠤ ᠮᠡᠳᠡᠯᠭᠡ ᠶᠢᠨ | ᠰᠠᠮᠪᠠᠷ᠎ᠠ ᠶᠢ ᠳᠡᠯᠭᠡᠨ ᠦᠵᠡᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ᠂ ᠠᠶᠤᠯᠭᠦᠶ | ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠬᠠᠤᠯᠢ ᠲᠦᠷᠢᠮ᠂ ᠠᠮᠤᠷ ᠲᠦᠪᠰᠢᠨ ᠤ ᠮᠡᠳᠡᠯᠭᠡ ᠵᠢᠴᠢ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠤᠷ᠎ᠠ ᠴᠢᠳᠠᠪᠤᠷᠢ ᠵᠡᠷᠭᠡ ᠠᠭᠤᠯᠭ᠎ᠠ ᠶᠢ ᠤᠬᠠᠭᠤᠯᠤᠨ | ᠲᠦᠭᠡᠮᠡᠯᠵᠢᠭᠦᠯᠪᠡ᠃ ᠠᠬᠤᠢ ᠲᠠᠯᠠᠪᠠᠢ ᠳᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯᠲᠠᠳ ᠠᠴᠠ ᠪᠠᠰᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠰᠤᠷ | ᠨᠠᠶᠢᠳᠠᠪᠤᠷᠢᠵᠢᠭᠤᠯᠬᠤ ᠠᠮᠠᠯᠠᠯᠳᠠ ᠲᠠᠩᠭᠠᠷᠢᠭ ᠬᠢᠵᠡᠢ᠃ ᠪᠦᠷᠢᠳᠬᠡᠯ ᠢ ᠦᠨᠳᠦᠰᠦᠯᠡᠪᠡᠯ᠂ ᠡᠨᠡ ᠤᠳᠠᠭᠠᠨ ᠤ | ᠠᠵᠢᠯᠯᠠᠭ᠎ᠠ ᠳᠤ ᠨᠡᠶᠢᠲᠡ 1500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ | ᠲᠦᠮᠡᠨ ᠤ ᠠᠮᠤᠷ ᠲᠦᠪᠰᠢᠨ ᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠦᠨ᠂ ᠬᠥᠮᠦᠨ | ᠪᠦᠬᠦᠨ ᠠᠮᠤᠷ ᠲᠦᠪᠰᠢᠨ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ | ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠪᠠᠲᠤᠯᠠᠭ᠎ᠠ ᠬᠠᠩᠭᠠᠭᠰᠠᠨ | ᠪᠠᠶᠢᠨ᠎ᠠ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠠᠮᠢᠶ᠎ᠠ ᠪᠦᠬᠦᠢ ᠭᠡᠰᠢᠬᠦᠨ ᠨᠢᠭᠡᠴᠡ ᠶᠢᠨ | ᠬᠠᠷᠢᠭᠤᠴᠠᠯᠭᠠᠲᠠᠨ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ | ᠠᠵᠢᠯᠯᠠᠭ᠎ᠠ ᠳᠤ ᠣᠷᠣᠯᠴᠠᠪᠠ᠃ |