ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠤᠷᠢᠳ ᠬᠤᠵᠢᠳ ᠭᠦᠨᠪᠤᠯᠠᠭ | ᠰᠤᠮᠤ᠂ ᠪᠤᠤᠴᠠᠩ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ | ᠬᠦᠨᠵᠡᠬᠡᠶᠢᠷᠡᠵᠦ᠂ ᠶᠠᠷᠢᠯᠴᠠᠨ ᠰᠣᠯᠢᠯᠴᠠᠬᠤ᠂ ᠪᠠᠶᠢᠴᠠᠭᠠᠨ ᠰᠤᠳᠤᠯᠬᠤ᠂ ᠲᠠᠩᠰᠠ ᠮᠠᠲ᠋ᠧᠷᠢᠶᠠᠯ ᠢ ᠪᠠᠶᠢᠴᠠᠭᠠᠨ | ᠦᠵᠡᠬᠦ ᠵᠡᠷᠭᠡ ᠠᠷᠭ᠎ᠠ ᠮᠠᠶ᠋ᠢᠭ ᠢᠶᠠᠷ ︽ᠨᠢᠭᠡ ᠪᠠᠯᠭᠠᠰᠤ ᠵᠡᠭᠡᠯᠢ ᠨᠢᠭᠡ ᠪᠣᠳᠠᠲᠤ ᠶᠠᠪᠤᠳᠠᠯ︾᠂ ᠲᠦᠬᠦᠭᠡᠷᠦᠮᠵᠢᠲᠦ | ᠲᠠᠷᠢᠶᠠᠯᠠᠩ᠂ ᠬᠦᠷᠢᠶᠡᠯᠡᠩ ᠲᠣᠭᠤᠷᠢᠭ ᠤᠨ ᠵᠠᠮ ᠤᠨ ᠪᠠᠶᠢᠭᠤᠯᠤᠯᠲᠠ᠂ ᠬᠤᠭ ᠨᠣᠪᠰᠢ ᠪᠤᠯᠠᠬᠤ ᠲᠠᠯᠠᠪᠠᠶ ᠶᠢᠨ | ᠦᠬᠡᠷᠡᠴᠢᠯᠡᠯᠳᠡ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ︽ᠰᠦᠨ ᠨᠠᠭᠤᠷ︾ ᠤᠨ | ᠦᠵᠡᠮᠵᠢ ᠶᠢᠨ ᠣᠷᠣᠨ ᠤ ᠪᠠᠶᠢᠭᠤᠯᠤᠯᠲᠠ᠂ ᠠᠶᠤᠯᠭᠦᠶ ᠦᠶ᠋ᠯᠡᠳᠪᠦᠷᠢᠯᠡᠯ ᠵᠡᠷᠭᠡ ᠬᠠᠮᠢᠶ᠎ᠠ ᠪᠥᠬᠦᠶ ᠠᠵᠢᠯ ᠤᠨ | ᠪᠠᠶᠢᠳᠠᠯ ᠢ ᠭᠦᠨᠵᠡᠭᠡᠶ ᠣᠶᠢᠯᠠᠭᠠᠪᠠ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ︽ᠨᠢᠭᠡ ᠪᠠᠯᠭᠠᠰᠤ ᠵᠡᠭᠡᠯᠢ ᠨᠢᠭᠡ | ᠪᠣᠳᠠᠲᠤ ᠶᠠᠪᠤᠳᠠᠯ︾ ᠤᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠦᠨ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠠᠷ ᠳᠠᠭᠠᠭᠤᠯᠬᠤ᠂ ᠡᠬᠢ ᠪᠠᠶᠠᠯᠢᠭ ᠢ ᠨᠡᠶᠢᠳᠬᠡᠬᠦ ᠵᠡᠷᠭᠡ ᠠᠷᠭ᠎ᠠ | ᠬᠡᠯᠪᠡᠷᠢ ᠪᠠᠷ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷ᠎ᠡ ᠪᠦᠲᠦᠮᠵᠢ ᠲᠠᠢ | ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ ᠪᠠᠶᠢᠭᠠᠳ ᠦᠨᠳᠦᠰᠦᠨ ᠱᠠᠲᠤᠨ ᠤ | ᠵᠠᠰᠠᠯᠲᠠ ᠶᠢ ᠠᠬᠢᠭᠤᠯᠤᠨ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ ᠤᠳᠤ | ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠢ ᠲᠦᠷᠭᠡᠳᠬᠡᠨ ᠪᠠᠶᠢᠭᠤᠯᠵᠤ᠂ ᠲᠦᠬᠦᠭᠡᠷᠦᠮᠵᠢᠳᠤ ᠲᠠᠷᠢᠶᠠᠯᠠᠩ ᠤᠨ | ᠡᠷᠴᠢᠮᠵᠢᠭᠰᠡᠨ᠂ ᠪᠠᠷᠢᠮᠵᠢᠶᠠᠵᠢᠭᠰᠠᠨ᠂ ᠮᠧᠬᠠᠨᠢᠭᠵᠢᠭᠰᠠᠨ᠂ ᠪᠣᠬᠢᠷᠲᠤᠯ ᠦᠭᠡᠢ᠂ ᠲᠣᠭᠠᠴᠢᠯᠠᠭᠰᠠᠨ ᠬᠥᠭᠵᠢᠯᠲᠡ ᠶᠢ | ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠣᠳᠣᠬᠢᠴᠢᠯᠠᠯᠲᠠ ᠪᠠᠷ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠠᠬᠢᠭᠤᠯᠤᠨ᠂ ᠬᠥᠳᠡᠭᠡ ᠠᠵᠤ ᠠᠬᠤᠢ ᠶᠢᠨ ᠬᠦᠴᠦᠷᠬᠡᠭ ᠬᠤᠰᠢᠭᠤᠨ ᠤ ᠪᠦᠳᠦᠭᠡᠨ | ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠴᠢᠳᠠᠮᠵᠢ ᠶᠢ ᠳᠡᠭᠡᠭᠰᠢᠯᠡᠭᠦᠯᠬᠦ ᠪᠠ ᠠᠵᠤ ᠠᠬᠤᠶᠢᠯᠠᠯ ᠢ ᠲᠠᠰ ᠳᠡᠪᠰᠢᠭᠦᠯᠦᠨ ᠥᠷᠭᠡᠳᠬᠡᠬᠦ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠢᠶᠡᠯᠡᠩ ᠲᠣᠭᠤᠷᠢᠭ ᠤᠨ ᠵᠠᠮ ᠬᠠᠷᠢᠯᠴᠠᠭᠠᠨ ᠤ ᠰᠠᠭᠤᠷᠢ | ᠲᠥᠬᠦᠭᠡᠷᠦᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠦᠷᠢᠶᠡᠯᠡᠩ ᠲᠣᠭᠤᠷᠢᠭ ᠤᠨ | ᠵᠠᠮ ᠤᠨ ᠰᠢᠰᠲ᠋ᠧᠮᠵᠢ ᠶᠢ ᠲᠠᠰᠤᠷᠠᠯᠲᠠ ᠥᠬᠡᠶ ᠰᠠᠶᠢᠵᠢᠷᠠᠭᠤᠯᠬᠤ ᠬᠡᠷᠡᠭᠲᠡᠶ᠃ ᠰᠠᠯᠠᠭ᠎ᠠ ᠮᠥᠴᠢᠷ ᠪᠠᠶᠢᠭᠤᠯᠭ᠎ᠠ | ᠨᠢᠬᠡᠴᠡ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠲᠥᠷᠥ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠳᠠᠯᠠᠵᠤ᠂ ᠲᠣᠭᠲᠠᠴᠠ ᠶᠢ ᠪᠠᠶᠢᠭᠤᠯᠤᠨ ᠪᠦᠲᠦᠮᠵᠢ ᠶᠢ ᠳᠡᠭᠡᠭᠰᠢᠯᠡᠭᠦᠯᠵᠦ᠂ | ᠡᠩᠨᠡᠭᠡᠨ ᠤ ᠰᠤᠷᠲᠠᠯ ᠢ ᠰᠠᠶᠢᠵᠢᠷᠠᠭᠤᠯᠤᠨ᠂ ᠦᠨᠡᠨ ᠪᠣᠳᠠᠲᠠᠶ ᠠᠵᠢᠯᠯᠠᠵᠤ᠂ ᠦᠨᠳᠦᠰᠦ ᠰᠠᠭᠤᠷᠢ ᠶᠢ | ᠪᠠᠬᠢᠵᠢᠬᠦᠯᠦᠨ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ ᠴᠢᠨᠠᠷ ᠰᠠᠶᠢᠳᠠᠢ ᠦᠢᠯᠡᠴᠢᠯᠡᠬᠦ ᠬᠠᠷᠢᠭᠤᠯᠲᠠ ᠶᠢᠨ | ᠬᠠᠭᠤᠳᠠᠰᠤ ᠶᠢ ᠲᠠᠶᠢᠹᠤᠰᠧ ᠬᠤᠰᠢᠭᠤᠨ ᠤ ᠬᠦᠷᠦᠰᠦ ᠰᠢᠷᠤᠢ ᠲᠡᠭᠡᠷ᠎ᠡ ᠪᠢᠴᠢᠭᠯᠡᠵᠦ᠂ ᠠᠷᠠᠳ ᠣᠯᠠᠨ ᠤ | ᠰᠡᠳᠬᠢᠯ ᠳᠤ ᠰᠢᠩᠭᠡᠭᠡᠬᠦ ᠬᠡᠷᠡᠭᠲᠡᠶ᠃ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠳᠤᠳᠬᠠᠵᠤ᠂ | ᠨᠡᠶᠢᠭᠡᠮ ᠨᠡᠶᠢᠳᠡ ᠶᠢᠨ ᠠᠩᠬᠠᠷᠤᠯ ᠢ ᠲᠠᠳᠠᠭᠰᠠᠨ᠂ ᠵᠤᠴᠢᠳ ᠵᠢᠭᠤᠯᠴᠢᠯᠠᠭᠴᠢ ᠲᠥᠪᠯᠡᠷᠡᠭᠰᠡᠨ ᠦᠵᠡᠮᠵᠢ ᠶᠢᠨ | ᠣᠷᠣᠨ ᠢ ᠪᠠᠶᠢᠴᠠᠭᠠᠨ ᠡᠮᠬᠢᠯᠡᠵᠦ᠂ ︽ᠨᠢᠭᠡ ᠭᠠᠵᠠᠷ ᠲᠤ ᠨᠢᠭᠡ ᠪᠤᠳᠤᠯᠭ᠎ᠠ ᠠᠪᠬᠤ︾ ︽ᠨᠢᠭᠡ ᠦᠵᠡᠮᠵᠢ ᠶᠢᠨ | ᠤᠷᠤᠨ ᠳᠤ ᠨᠢᠭᠡ ᠠᠷᠭ᠎ᠠ ᠪᠤᠳᠤᠯᠭ᠎ᠠ ᠭᠡᠷᠡᠭᠵᠢᠬᠦᠯᠬᠦ︾ ᠶᠢ ᠪᠠᠷᠢᠮᠳᠠᠯᠠᠨ᠂ ᠬᠠᠨᠳᠤᠯᠭᠠᠲᠤ ᠴᠢᠨᠠᠷᠲᠠᠢ ᠰᠡᠷᠭᠡᠶᠢᠯᠡᠯᠳᠡ | ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ︽ ᠬᠦᠭᠵᠢᠶᠡᠨᠳᠦ ᠪᠠᠶᠢᠳᠠᠯ︾ ᠢ ᠪᠠᠳᠤᠯᠠᠬᠤ ᠪᠠᠷ ᠪᠠᠷᠠᠬᠤ ᠦᠭᠡᠢ ︽ | ᠠᠶᠤᠯᠬᠦᠢ ᠶᠢᠨ ᠲᠣᠣᠷ︾ ᠢ ᠪᠠᠬᠢᠵᠢᠬᠦᠯᠬᠦ ᠬᠡᠷᠡᠭᠲᠡᠢ ᠭᠡᠪᠡ᠃ ᠯᠢᠦ ᠶᠠ ᠱᠧᠩ ᠪᠠᠶᠢᠴᠠᠭᠠᠨ ᠰᠤᠳᠤᠯᠤᠯᠲᠠ ᠳᠤ | ᠤᠷᠤᠯᠴᠠᠵᠠᠢ᠃ |