ᠤᠶᠢᠷ᠎ᠠ ᠳᠤ ᠂ ᠬᠦᠨᠪᠤᠯᠠᠭ ᠰᠤᠮᠤᠨ ᠤ ᠪᠠᠶᠠᠨ ᠴᠠᠭᠠᠨ ᠨᠠᠭᠤᠷ ᠨᠢ ︽ᠰᠦᠨ ᠨᠠᠭᠤᠷ︾ ᠬᠡᠮᠡᠨ ᠠᠯᠳᠠᠷᠰᠢᠵᠤ᠂ | ᠬᠤᠯᠠ ᠤᠶᠢᠷ᠎ᠠ ᠶᠢᠨ ᠵᠤᠴᠢᠳ ᠵᠢᠭᠤᠯᠴᠢᠯᠠᠭᠴᠢ ᠶᠢᠨ ᠪᠠᠭ᠋ᠠᠷᠬᠠᠨ ᠰᠤᠨᠢᠷᠬᠠᠬᠤ ᠦᠵᠡᠮᠵᠢ ᠶᠢᠨ ᠤᠷᠤᠨ ᠪᠤᠯᠵᠠᠢ ᠃ | ᠰᠦᠨ ᠨᠠᠭᠤᠷ ᠤᠨ ᠬᠥᠪᠡᠭᠡᠨ ᠳᠤ ᠤᠭᠰᠠᠷᠠᠭᠰᠠᠨ ᠰᠦ ᠤᠤᠭᠤᠬᠤ ᠲᠥᠬᠦᠭᠡᠷᠦᠮᠵᠢ ᠨᠢ ᠵᠢᠭᠤᠯᠴᠢᠯᠠᠭᠴᠢᠳ ᠲᠤ | ᠲᠠᠯ᠎ᠠ ᠨᠤᠲᠤᠭ ᠤᠨ ᠰᠢᠨ᠎ᠡ ᠰᠤᠷᠭᠤᠭ ᠰᠦ ᠶᠢ ᠰᠢᠭᠤᠳ ᠠᠮᠳᠠᠯᠠᠭᠤᠯᠤᠭᠠᠳ᠂ ᠦᠵᠡᠮᠵᠢ ᠶᠢᠨ ᠣᠷᠣᠨ ᠤ ᠪᠡᠯᠭᠡ | ᠲᠡᠮᠳᠡᠭ ᠤᠨ ᠴᠢᠨᠠᠷᠲᠠᠢ ᠲᠦᠷᠦᠯ ᠵᠦᠢᠯ ᠪᠣᠯᠤᠭᠰᠠᠨ ᠪᠠᠶᠢᠨ᠎ᠠ᠃ ᠤᠤᠭᠤᠬᠤ ᠰᠦᠨ ᠤ ᠠᠮᠤᠷ ᠲᠦᠪᠰᠢᠨ ᠢ | ᠪᠠᠳᠤᠯᠠᠵᠤ᠂ ᠦᠷᠭᠡᠨ ᠤᠯᠠᠨ ᠵᠢᠭᠤᠯᠴᠢᠯᠠᠭᠴᠢᠳ ᠲᠤ ᠰᠢᠨ᠎ᠡ ᠰᠤᠷᠭᠤᠭ ᠴᠢᠨᠠᠷ ᠰᠠᠶᠢᠳᠠᠢ ᠦᠨᠢᠶᠡᠨ ᠰᠦ | ᠤᠤᠭᠤᠯᠭᠠᠬᠤ ᠶᠢᠨ ᠲᠦᠯᠦᠭᠡ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠤᠪᠴᠢᠶᠠᠨ ᠤ ᠬᠢᠨ ᠡᠳᠦᠷ ᠪᠦᠷᠢ ᠲᠤᠰᠬᠠᠶ ᠮᠡᠷᠭᠡᠵᠢᠯ ᠲᠤᠨᠤᠭ ᠲᠦᠬᠦᠭᠡᠷᠦᠮᠵᠢ ᠶᠢ ᠬᠡᠷᠡᠭᠯᠡᠵᠦ᠂ ᠦᠨᠢᠶᠡᠨ | ᠰᠦᠨ ᠤ ᠶᠠᠰᠤ ᠴᠢᠨᠠᠷ ᠢ ᠴᠢᠩᠭ᠎ᠠ ᠨᠢᠮᠪᠠᠢ ᠰᠢᠯᠭᠠᠨ ᠪᠠᠶᠢᠴᠠᠭᠠᠵᠤ ᠪᠤᠢ᠃ ᠣᠶᠢᠯᠠᠭᠠᠭᠰᠠᠨ ᠢᠶᠠᠷ᠂ ︽ᠰᠦᠨ ᠨᠠᠭᠤᠷ | ︾ ᠤᠨ ᠦᠵᠡᠮᠵᠢ ᠶᠢᠨ ᠤᠷᠤᠨ ᠳᠤ ᠬᠠᠩᠭᠠᠬᠤ ᠦᠨᠢᠶᠡᠨ ᠰᠦ ᠶᠢ ᠤᠯᠤᠰ ᠤᠨ ᠳᠣᠲᠣᠭᠠᠳᠤ ᠶᠢᠨ ᠨᠠᠷᠠᠲᠤ ᠰᠦ | ᠰᠠᠭᠠᠯᠢ ᠶᠢᠨ ᠠᠵᠤ ᠠᠬᠤᠶᠢᠯᠠᠯ ᠠᠴᠠ ᠤᠷᠤᠭᠤᠯᠵᠤ᠂ ᠰᠠᠪᠠ ᠰᠠᠭᠤᠯᠠᠭ᠎ᠠ ᠶᠢ ᠭᠡᠷᠡᠭᠯᠡᠬᠦ ᠳᠡᠭᠡᠨ ᠴᠤ ︽ᠡᠭᠡᠯᠵᠢᠯᠡᠨ | ᠠᠵᠢᠯᠯᠠᠭᠤᠯᠬᠤ︾ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠳᠤᠯᠠᠭᠠᠨ ᠡᠵᠡᠮᠳᠡᠬᠦ ᠰᠢᠰᠲ᠋ᠧᠮ ᠢ ᠳᠣᠭᠢᠷᠠᠭᠤᠯᠤᠨ᠂ | 4 ᠭᠷᠠᠳᠦ᠋ᠰ ᠤᠨ ᠳᠤᠯᠠᠭᠠᠨ ᠢ ᠢᠮᠠᠭᠳᠠ ᠪᠠᠲᠤᠯᠠᠵᠤ᠂ ᠰᠢᠮ᠎ᠡ ᠲᠡᠵᠢᠭᠡᠯ ᠪᠠ ᠦᠨᠦᠷ ᠠᠮᠲᠠ ᠶᠢ ᠴᠢᠩᠭ᠎ᠠ ᠡᠵᠡᠮᠳᠡᠨ᠂ | ᠬᠠᠩᠭᠠᠯᠭ᠎ᠠ ᠶᠢ ᠪᠠᠲᠤᠯᠠᠬᠤ ᠶᠢᠨ ᠬᠠᠮᠲᠤ᠂ ᠰᠠᠪᠠ ᠰᠠᠭᠤᠯᠭ᠎ᠠ ᠪᠠ ᠴᠤᠷᠭᠤ ᠬᠤᠭᠤᠯᠠᠶ ᠶᠢ ᠡᠳᠦᠷ ᠲᠤ ᠭᠤᠷᠪᠠ | ᠤᠳᠠᠭ᠎ᠠ ᠠᠷᠢᠭᠤᠳᠬᠠᠨ ᠴᠡᠪᠡᠷᠯᠡᠵᠦ ᠪᠠᠶᠢᠨ᠎ᠠ᠃ ᠡᠶᠢᠨ ᠬᠦ᠋᠂ ᠦᠨᠢᠶᠡᠨ ᠰᠦ ᠶᠢ ᠰᠢᠯᠢᠵᠦ ᠰᠣᠩᠭᠤᠬᠤ ᠠᠴᠠ | ᠡᠬᠢᠯᠡᠭᠡᠳ ᠵᠥᠭᠡᠭᠡᠪᠦᠷᠢᠯᠡᠬᠦ᠂ ᠬᠠᠳᠠᠭᠠᠯᠠᠬᠤ᠂ ᠠᠷᠢᠭᠤᠳᠬᠠᠬᠤ ᠵᠢᠴᠢ ᠬᠠᠮᠤᠭ ᠡᠴᠦᠰ ᠤᠨ ᠤᠤᠭᠤᠬᠤ ᠭᠤᠭᠴᠤᠭ᠎ᠠ | ᠬᠦᠷᠲᠡᠯ᠎ᠡ᠂ ᠴᠢᠨᠠᠷ ᠤᠨ ᠪᠤᠭᠤᠮᠳᠠ ᠶᠢ ᠴᠢᠩᠭ᠎ᠠ ᠡᠵᠡᠮᠳᠡᠨ᠂ ᠬᠠᠮᠤᠭ ᠠᠴᠠ ᠰᠢᠨ᠎ᠡ ᠰᠣᠷᠭᠤᠭ᠂ ᠬᠠᠮᠤᠭ ᠠᠴᠠ | ᠰᠠᠨᠠᠭ᠎ᠠ ᠠᠮᠤᠷ ᠪᠠᠶᠢᠬᠤ ᠶᠢ ᠪᠠᠳᠤᠯᠠᠵᠠᠢ᠃ ᠵᠢᠭᠤᠯᠴᠢᠯᠠᠭᠴᠢ ᠶᠣᠣ ᠠᠪᠤᠭᠠᠢ ᠰᠤᠷᠪᠤᠯᠵᠢᠯᠠᠭᠴᠢ ᠳᠤ ᠬᠡᠯᠡᠬᠦ ᠳᠡᠭᠡᠨ᠄ | ︽ᠪᠢ ᠰᠦᠯᠵᠢᠶᠡᠨ ᠳᠡᠭᠡᠷ᠎ᠡ ᠠᠴᠠ ᠰᠦᠨ ᠨᠠᠭᠤᠷ ᠤᠨ ᠬᠠᠮᠢᠶᠠᠳᠠᠢ ᠪᠢᠴᠢᠯᠭᠡ ᠶᠢ ᠦᠵᠡᠭᠡᠳ ᠮᠠᠰᠢ ᠰᠣᠨᠢᠷᠬᠠᠯᠲᠠᠢ | ᠰᠠᠨᠠᠭᠳᠠᠭᠰᠠᠨ᠂ ᠲᠡᠭᠡᠭᠡᠳ ᠭᠡᠷ ᠤᠨ ᠬᠥᠮᠦᠰ ᠲᠠᠢ ᠪᠠᠨ ᠪᠡᠭᠡᠵᠢᠩ ᠠᠴᠠ ᠲᠤᠰᠬᠠᠶᠢᠯᠠᠨ ᠢᠷᠡᠵᠡᠢ᠂ ᠲᠠᠯ᠎ᠠ ᠨᠤᠳᠤᠭ | ᠤᠨ ᠦᠩᠭᠡ ᠦᠵᠡᠮᠵᠢ ᠮᠠᠰᠢ ᠭᠤᠶᠤ ᠪᠠᠶᠢᠨ᠎ᠠ᠂ ᠬᠥᠬᠡ ᠣᠭᠲᠠᠷᠭᠤᠶ᠂ ᠴᠠᠭᠠᠨ ᠡᠭᠦᠯᠡ᠂ ᠦᠬᠡᠷ ᠬᠤᠨᠢ ᠵᠡᠷᠭᠡ | ᠨᠢ ᠰᠦᠨ ᠨᠠᠭᠤᠷ ᠲᠠᠢ ᠪᠠᠨ ᠠᠭᠤᠰᠤᠯᠴᠠᠭᠠᠳ ᠨᠡᠩ ᠥᠩᠭᠡ ᠦᠵᠡᠮᠵᠢ ᠲᠠᠢ ᠬᠠᠷᠠᠭᠳᠠᠨ᠎ᠠ᠃ ᠨᠤᠳᠤᠭ ᠤᠷᠤᠨ ᠤ | ᠬᠢᠨ ᠴᠤ ᠶᠡᠬᠡᠬᠡᠨ ᠰᠠᠨᠠᠭ᠎ᠠ ᠲᠠᠯᠪᠢᠵᠤ ᠬᠦᠴᠦ ᠤᠷᠤᠭᠤᠯᠵᠠᠢ᠂ ᠨᠠᠭᠤᠷ ᠤᠨ ᠬᠥᠪᠡᠭᠡᠨ ᠳᠤ ᠤᠰᠤᠨ ᠴᠣᠷᠭᠤ | ᠤᠭᠰᠠᠷᠠᠭᠠᠳ᠂ ᠬᠦᠮᠦᠰ ᠲᠤ ᠰᠢᠨ᠎ᠡ ᠰᠣᠷᠭᠤᠭ ᠦᠨᠢᠶᠡᠨ ᠰᠦ ᠤᠤᠭᠤᠯᠭᠠᠵᠤ ᠪᠤᠢ᠂ ᠪᠢᠳᠡ ᠪᠠᠰᠠ ᠰᠦ ᠠᠴᠠ ᠨᠢ | ᠠᠪᠴᠤ ᠤᠤᠭᠤᠵᠠᠢ᠂ ᠦᠨᠡᠭᠡᠷ ᠰᠤᠷᠭᠤᠭ ᠮᠦᠷᠳᠡᠭᠡᠨ ᠠᠮᠳᠠᠳᠠᠢ ᠪᠠᠶᠢᠨ᠎ᠠ︾ ᠬᠡᠯᠡ᠃ |