6 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠲᠠᠶᠢᠹᠤᠰᠧ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 138 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠲᠤᠷᠠᠳᠤᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠠ ︽ᠪᠥᠬᠦ ᠣᠷᠣᠨ ᠤ ᠲᠠᠷᠢᠶᠠᠯᠠᠩ ᠤᠨ ᠰᠢᠰᠲ᠋ᠧᠮ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠸᠢᠳᠢᠣ᠋ | ᠬᠤᠷᠠᠯ ᠵᠢᠴᠢ ᠮᠠᠯᠴᠢᠨ ᠲᠠᠷᠢᠶᠠᠴᠢᠨ ᠤ ᠣᠷᠣᠯᠭ᠎ᠠ ᠤᠨ ᠨᠡᠮᠡᠭᠳᠡᠯ ᠢ ᠠᠬᠢᠭᠤᠯᠬᠤ ᠪᠣᠯᠪᠠᠰᠤᠷᠠᠯ ᠤᠨ ᠠᠩᠭᠢ ᠶᠢᠨ | ᠬᠠᠪᠰᠤᠷᠤᠨ ᠵᠢᠯᠣᠭᠤᠳᠬᠤ ᠶᠠᠷᠢᠶᠠᠨ ᠤ ᠮᠠᠲ᠋ᠧᠷᠢᠶᠠᠯ ᠢ ᠤᠯᠠᠮᠵᠢᠯᠠᠬᠤ ᠲᠤᠬᠠᠶ ᠵᠠᠬᠢᠳᠠᠯ︾ ︽ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠶᠢᠨ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠣᠪᠤᠶᠢᠮ᠎ᠠ ᠠᠰᠠᠭᠤᠳᠠᠯ ᠤᠨ ᠲᠤᠬᠠᠶ ᠵᠠᠳᠠᠯᠤᠯᠲᠠ ᠶᠢᠨ | ᠮᠡᠳᠡᠭᠦᠯᠦᠯᠲᠡ︾ ᠵᠢᠴᠢ ᠪᠤᠰᠤᠳ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | ᠬᠤᠷᠠᠯ ᠲᠡᠭᠡᠷ᠎ᠡ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ | ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ | ᠠᠶᠤᠯᠭᠦᠶ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠠᠵᠢᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ | ᠬᠤᠰᠢᠭᠤᠨ ᠤ ᠬᠤᠷᠢᠶᠠᠨ ᠤ ᠤᠳᠤᠷᠢᠳᠬᠤ ᠪᠠᠭ ᠤᠨ ᠭᠡᠰᠢᠬᠦᠳ ᠤᠨ ᠠᠶᠤᠯᠭᠦᠶ ᠦᠢᠯᠡᠳᠪᠦᠷᠢᠯᠡᠯ ᠤᠨ ᠡᠭᠦᠷᠭᠡ | ᠬᠠᠷᠢᠭᠤᠴᠠᠯᠭ᠎ᠠ ᠶᠢᠨ ᠨᠠᠷᠢᠨ ᠲᠠᠩᠰᠠ ᠪᠠ 2025 ᠣᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ | ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠦᠪᠯᠡᠭᠰᠡᠨ ᠪᠦᠭᠡᠳ ᠣᠶᠢᠷ᠎ᠠ ᠶᠢᠨ ᠬᠤᠭᠤᠴᠠᠭᠠᠨ ᠤ ᠰᠣᠶᠣᠯ ᠲᠠᠮᠢᠷ | ᠵᠢᠭᠤᠯᠴᠢᠯᠠᠯ ᠤᠨ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ ᠬᠤᠷᠠᠯ ᠠᠴᠠ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠠ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ ᠨᠢ ᠲᠦᠷᠦᠭᠦᠯᠡᠨ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠤᠯᠤᠰ | ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠦᠨ᠂ ᠵᠥᠪ ᠤᠨᠤᠪᠴᠢᠳᠠᠢ ᠤᠯᠤᠰ ᠲᠥᠷᠥ ᠶᠢᠨ ᠴᠢᠭᠯᠡᠯ | ᠢ ᠪᠠᠲᠤᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ | ᠪᠥᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ | ᠬᠦᠴᠦᠨ ᠢᠶᠠᠷ ᠠᠬᠢᠭᠤᠯᠬᠤ ᠬᠡᠷᠡᠭᠲᠡᠶ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠥᠪᠯᠡᠷᠡᠭᠦᠯᠦᠨ ᠴᠡᠭᠴᠡᠯᠡᠬᠦ ᠠᠵᠢᠯ ᠢ ᠴᠢᠩᠭ᠎ᠠ ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠴᠢᠨᠠᠷ | ᠰᠠᠶᠢᠲᠠᠶ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠤᠶᠠᠳᠤᠭᠠᠷ ᠤᠯᠠᠷᠢᠯ ᠳᠤ ᠪᠥᠬᠦ | ᠬᠦᠴᠦᠨ ᠢᠶᠠᠷ ᠴᠢᠷᠮᠠᠶᠢᠨ ᠲᠡᠮᠡᠴᠡᠵᠦ ᠪᠠᠶᠢᠭᠠᠳ᠂ ᠳᠡᠭᠡᠷ᠎ᠡ ᠬᠠᠭᠠᠰ ᠵᠢᠯ ᠤᠨ ᠡᠭᠦᠷᠭᠡ ᠪᠠᠨ ᠠᠮᠵᠢᠯᠳᠠ ᠲᠠᠢ ᠰᠠᠶᠢᠨ | ᠪᠡᠶᠡᠯᠡᠬᠦᠯᠬᠦ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠢᠶᠠᠷ ᠪᠠᠰᠠ ᠪᠤᠰᠤᠳ ᠵᠦᠢᠯᠡᠰ ᠢ ᠶᠠᠷᠢᠯᠴᠠᠨ | ᠰᠤᠳᠤᠯᠵᠠᠢ᠃ |