ᠥᠪᠡᠷᠲᠡᠭᠡᠨ ᠵᠠᠰᠠᠬᠤ ᠣᠷᠣᠨ ᠤ ︽ᠬᠡᠭᠡᠷ᠎ᠡ ᠶᠢᠨ ᠰᠢᠪᠠᠭᠤ ᠶᠢ ᠬᠠᠤᠯᠢ ᠪᠤᠰᠤ ᠪᠠᠷ ᠠᠩᠨᠠᠵᠤ ᠠᠷᠠᠯᠵᠢᠶᠠᠯᠠᠬᠤ ᠳᠤ | ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭᠠᠨ ᠤ ᠲᠦᠰᠦᠪ︾ ᠤᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠡᠭᠡᠷ᠎ᠡ ᠶᠢᠨ ᠰᠢᠪᠠᠭᠤ ᠶᠢ ᠬᠠᠶᠢᠷᠠᠯᠠᠨ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ | ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 15 ᠤ ᠡᠳᠦᠷ ᠲᠠᠶᠢᠹᠤᠰᠧ ᠬᠤᠰᠢᠭᠤᠨ ᠤ ᠣᠶ ᠰᠢᠭᠤᠶ ᠨᠤᠳᠤᠭ | ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠢᠴᠢ ᠭᠡᠭᠡᠷ᠎ᠡ ᠶᠢᠨ | ᠰᠢᠪᠠᠭᠤᠳ ᠢ ᠬᠠᠮᠠᠭᠠᠯᠠᠬᠤ ᠠᠩᠭᠢ᠂ ᠠᠮᠢ ᠠᠬᠤᠶ ᠶᠢᠨ ᠬᠠᠮᠠᠭᠠᠯᠠᠯᠳᠠ ᠶᠢᠨ ᠠᠯᠪᠠᠨ ᠵᠢᠷᠤᠮ ᠤᠨ ᠴᠠᠭᠳᠠᠭᠠᠨ ᠤ | ᠠᠩᠭᠢ ᠨᠢ ᠬᠠᠮᠲᠤᠷᠠᠨ᠂ ᠬᠡᠭᠡᠷ᠎ᠡ ᠶᠢᠨ ᠰᠢᠪᠠᠭᠤ ᠶᠢ ᠬᠠᠤᠯᠢ ᠪᠤᠰᠤ ᠪᠠᠷ ᠠᠩᠨᠠᠵᠤ ᠠᠷᠠᠯᠵᠢᠶᠠᠯᠠᠬᠤ ᠳᠤ ᠴᠢᠩᠭ᠎ᠠ | ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠪᠡ᠃ ᠠᠵᠢᠯᠲᠠᠳ ᠬᠠᠷᠢᠶ᠎ᠠ ᠣᠷᠣᠨ ᠤ ᠪᠠᠨ ᠭᠤᠤᠯᠳᠠᠯᠭ᠎ᠠ ᠲᠠᠢ | ᠨᠤᠭᠤ ᠭᠠᠵᠠᠷ᠂ ᠨᠤᠲᠤᠭ ᠪᠡᠯᠴᠢᠭᠡᠷ᠂ ᠤᠢ ᠰᠢᠭᠤᠢ ᠵᠡᠷᠭᠡ ᠭᠡᠭᠡᠷ᠎ᠡ ᠶᠢᠨ ᠰᠢᠪᠠᠭᠤᠳ ᠤᠨ ᠣᠷᠣᠰᠢᠨ ᠠᠮᠢᠳᠤᠷᠠᠬᠤ | ᠭᠠᠵᠠᠷ ᠂ ᠨᠡᠭᠦᠵᠦ ᠪᠠᠭᠤᠬᠤ ᠭᠠᠵᠠᠷ ᠢᠶᠠᠷ ᠬᠦᠨᠵᠡᠬᠡᠶᠢᠷᠡᠵᠦ ᠲᠠᠬᠢᠨ ᠲᠠᠪᠳᠠᠨ ᠲᠤᠭᠤᠷᠢᠨ ᠪᠠᠶᠢᠴᠠᠭᠠᠬᠤ ᠶᠢᠨ ᠬᠠᠮᠳᠤ | ᠵᠢᠯᠣᠭᠤᠴᠢ ᠦᠭᠡᠢ ᠨᠢᠰᠬᠡᠯ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠪᠤᠶᠢᠳᠠ ᠳᠠᠯᠳᠠ ᠣᠷᠣᠨ ᠳᠤ ᠪᠦᠬᠦ | ᠲᠠᠯ᠎ᠠ ᠶᠢᠨ ᠪᠠᠶᠢᠴᠠᠭᠠᠯᠲᠠ ᠬᠢᠵᠡᠢ᠃ ᠡᠬᠦᠨ ᠤ ᠬᠠᠮᠳᠤ᠂ ᠪᠥᠬᠦ ᠬᠤᠰᠢᠭᠤᠨ ᠤ ᠬᠡᠪᠴᠢᠶᠡᠨ ᠳᠠᠬᠢ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠠᠮᠢᠳᠠᠨ ᠵᠢᠬᠦᠷᠳᠡᠨ ᠤ ᠵᠠᠬ᠎ᠠ ᠳᠡᠯᠭᠡᠭᠦᠷ ᠵᠡᠷᠭᠡ ᠳᠤ ᠬᠠᠮᠢᠶ᠎ᠠ ᠪᠦᠬᠦᠢ | ᠲᠠᠯᠠᠪᠤᠷ ᠲᠤ ᠭᠡᠨᠡᠳᠲᠡ ᠶᠢᠨ ᠪᠠᠶᠢᠴᠠᠭᠠᠯᠲᠠ ᠬᠢᠵᠦ᠂ ᠬᠠᠤᠯᠢ ᠪᠤᠰᠤ ᠠᠷᠠᠯᠵᠢᠶᠠᠨ ᠤ ᠠᠷᠭ᠎ᠠ ᠵᠠᠮ ᠢ ᠬᠠᠭᠠᠵᠤ | ᠪᠦᠭᠯᠡᠭᠰᠡᠨ ᠪᠠᠶᠢᠨ᠎ᠠ᠃ ᠠᠵᠢᠯᠳᠠᠳ ᠪᠠᠰᠠ ᠤᠬᠠᠭᠤᠯᠭ᠎ᠠ ᠶᠢᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠸᠢᠴᠠᠲ ᠲᠠᠪᠴᠠᠩ ᠢ ᠠᠰᠢᠭᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ | ᠲᠦᠷᠢᠮ ᠢ ᠥᠷᠭᠡᠨ ᠢᠶᠠᠷ ᠤᠬᠠᠭᠤᠯᠵᠤ᠂ ᠣᠯᠠᠨ ᠨᠡᠶᠢᠲᠡ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ | ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠲᠠᠨᠢᠯᠳᠠ ᠶᠢ ᠳᠡᠭᠡᠭᠰᠢᠯᠡᠭᠦᠯᠪᠡ᠃ ᠡᠨᠡ ᠤᠳᠠᠭᠠᠨ ᠤ ᠠᠵᠢᠯᠯᠠᠭ᠎ᠠ ᠳᠤ | ᠭᠤᠤᠯᠳᠠᠯᠭ᠎ᠠ ᠲᠠᠢ ᠬᠠᠮᠠᠭᠠᠯᠠᠯᠲᠠ ᠶᠢᠨ ᠣᠷᠣᠨ 9᠂ ᠠᠮᠢᠳᠠᠨ ᠵᠢᠬᠦᠷᠳᠡᠨ ᠤ ᠡᠵᠡᠩᠨᠡᠯᠲᠡ ᠶᠢᠨ ᠲᠠᠯᠠᠪᠤᠷ 2᠂ | ᠬᠤᠭᠤᠯᠠᠨ ᠭᠡᠷ 5 ᠶᠢ ᠲᠣᠭᠤᠷᠢᠨ ᠪᠠᠶᠢᠴᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ 1000 ᠭᠠᠷᠤᠶ ᠬᠤᠪᠢ ᠶᠢ | ᠲᠠᠷᠬᠠᠭᠠᠵᠠᠢ᠃ |