ᠭᠠᠷ ᠤᠳᠠᠰᠤ ᠪᠠᠷ ᠢᠶᠠᠨ ᠰᠡᠳᠦᠪ ᠬᠠᠷᠢᠭᠤᠯᠵᠤ ᠬᠠᠩᠭᠠᠨ ᠪᠣᠷᠣᠯᠠᠭᠤᠯᠬᠤ ᠮᠡᠳᠡᠯᠭᠡ ᠶᠢ ᠡᠵᠡᠮᠰᠢᠨ᠎ᠡ
ᠨᠡᠶᠢᠲᠡᠯᠡᠭᠰᠡᠨ ᠴᠠᠭ᠄
2025/6/17
  6 ᠰᠠᠷ᠎ᠠ ᠶᠢᠨ 16 ᠤ ᠡᠳᠦᠷ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠲᠠᠶᠢᠹᠤᠰᠧ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠠᠴᠠ ᠡᠷᠬᠢᠯᠡᠭᠰᠡᠨ ︽ᠬᠠᠩᠭᠠᠨ ᠪᠣᠷᠣᠯᠠᠭᠤᠯᠬᠤ ᠮᠡᠳᠡᠯᠭᠡ ᠶᠢ ᠰᠤᠷᠴᠤ  ᠬᠠᠨᠤᠮᠵᠢᠳᠠᠢ ᠰᠠᠶᠢᠬᠠᠨ ᠪᠡᠯᠡᠭ ᠭᠠᠷᠳᠠᠶ᠎ᠠ︾  — ᠰᠦᠯᠵᠢᠶᠡᠨ ᠳᠡᠭᠡᠷᠡᠬᠢ ᠮᠡᠳᠡᠯᠭᠡ ᠶᠢᠨ ᠤᠷᠤᠯᠳᠤᠭᠠᠨ ᠠᠮᠵᠢᠯᠳᠠᠳᠠᠢ ᠶᠠᠪᠤᠭᠳᠠᠪᠠ᠃ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠬᠤᠢ ᠲᠠᠯᠠᠪᠠᠢ ᠳᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠢᠷᠡᠵᠦ ᠶᠠᠪᠤᠭ᠎ᠠ ᠣᠯᠠᠨ ᠲᠦᠮᠡᠨ ᠳᠤ ᠤᠷᠤᠯᠳᠤᠭᠠᠨ ᠤ ᠲᠦᠷᠢᠮ᠂ ᠰᠡᠳᠦᠪ ᠬᠠᠷᠢᠭᠤᠯᠬᠤ ᠶᠠᠪᠤᠴᠠ ᠪᠤᠯᠤᠨ ᠱᠠᠩᠨᠠᠯ ᠵᠤᠷᠢᠬᠵᠢᠭᠤᠯᠤᠯ ᠤᠨ ᠪᠠᠶᠢᠳᠠᠯ ᠨᠠᠷᠢᠨ ᠲᠠᠨᠢᠯᠴᠠᠭᠤᠯᠤᠭᠰᠠᠨ ᠪᠠᠶᠢᠯ᠎ᠠ᠃ ︽ᠡᠳᠦᠷ ᠪᠤᠯᠭᠠᠨ ᠰᠡᠳᠦᠪ  ᠬᠠᠷᠢᠭᠤᠯᠤᠭᠠᠳ ᠱᠠᠩᠨᠠᠯ ᠤᠯᠬᠤ ᠪᠠᠷ ᠪᠠᠷᠠᠬᠤ ᠦᠬᠡᠢ ᠮᠡᠳᠡᠯᠭᠡ ᠦᠪᠯᠡᠵᠦ ᠪᠤᠢ᠂ ᠡᠨᠡ ᠬᠥᠳᠡᠯᠭᠡᠭᠡᠨ ᠦᠨᠡᠬᠡᠷ ᠰᠠᠶᠢᠨ︾ ᠬᠡᠵᠦ ᠰᠠᠭᠤᠭᠠᠯᠢ ᠠᠷᠠᠳ ᠤᠳ ᠬᠦᠬᠡᠷᠦᠯᠳᠦᠨ ᠶᠠᠷᠢᠬᠤ ᠶᠢᠨ ᠲᠠᠭᠠᠤ ᠭᠠᠷ ᠤᠳᠠᠰᠤ ᠪᠠᠷ ᠢᠶᠠᠨ ᠮᠡᠷᠭᠡᠨ ᠴᠤᠬᠤᠷ ᠢ ᠰᠢᠷᠪᠢᠵᠦ ᠰᠡᠳᠦᠪ ᠬᠠᠷᠢᠭᠤᠯᠵᠠᠭᠠᠨ᠎ᠠ᠃ ᠬᠠᠷᠢᠭᠤᠯᠬᠤ ᠰᠡᠳᠦᠪ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠂ ᠬᠠᠩᠭᠠᠨ ᠪᠣᠷᠣᠯᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ᠂ ᠬᠠᠩᠭᠠᠨ ᠪᠣᠷᠣᠯᠠᠭᠤᠯᠬᠤ ᠬᠤᠷᠰᠢᠶᠠᠨ ᠤ ᠬᠥᠭᠵᠢᠯᠲᠡ ᠶᠢᠨ ᠶᠠᠪᠤᠴᠠ ᠵᠡᠷᠭᠡ ᠠᠭᠤᠯᠭ᠎ᠠ ᠶᠢ ᠤᠷᠤᠭᠤᠯᠵᠠᠢ᠃ ᠲᠠᠶᠢᠹᠤᠰᠧ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠭᠦᠸᠧ ᠰᠢᠤᠢ ᠹᠠᠩ᠄ ︽ᠡᠨᠡ ᠤᠳᠠᠭᠠᠨ ᠤ ᠮᠡᠳᠡᠯᠭᠡ ᠶᠢᠨ ᠤᠷᠤᠯᠳᠤᠭᠠᠨ ᠪᠣᠯ ᠨᠢᠭᠡ ᠤᠳᠠᠭᠠᠨ ᠤ ᠰᠢᠨ᠎ᠡ ᠶᠢ ᠡᠭᠦᠳᠬᠦ ᠲᠤᠷᠰᠢᠯᠲᠠ ᠪᠤᠯᠤᠨ᠎ᠠ᠂  ᠪᠢᠳᠡ ᠡᠶᠢᠮᠦᠷᠬᠦ ᠰᠣᠨᠢᠷᠬᠠᠯᠲᠠᠢ ᠤᠷᠤᠯᠳᠤᠭᠠᠨ ᠤ ᠬᠡᠯᠪᠡᠷᠢ ᠪᠠᠷ ᠬᠠᠩᠭᠠᠨ ᠪᠣᠷᠣᠯᠠᠭᠤᠯᠬᠤ ᠬᠤᠷᠰᠢᠶᠠᠨ ᠤ ᠪᠠᠨ ᠮᠠᠯᠴᠢᠨ ᠲᠠᠷᠢᠶᠠᠴᠢᠨ ᠳᠤ ᠦᠢᠯᠡᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠦᠢᠯᠡᠳᠦᠯ ᠢ ᠨᠡᠩ ᠣᠯᠠᠨ ᠬᠥᠮᠥᠰ ᠲᠤ ᠣᠶᠢᠯᠠᠭᠠᠭᠤᠯᠵᠤ᠂ ᠬᠠᠩᠭᠠᠨ ᠪᠣᠷᠣᠯᠠᠭᠤᠯᠬᠤ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠪᠠᠷ ᠵᠤᠷᠢᠯᠭ᠎ᠠ ᠪᠤᠯᠭᠠᠭᠰᠠᠨ ᠶᠤᠮ︾ ᠬᠡᠵᠦ ᠰᠤᠷᠪᠤᠯᠵᠢᠯᠠᠭᠴᠢ  ᠳᠤ ᠶᠠᠷᠢᠬᠤ ᠳᠤ᠂ ᠪᠤᠤᠴᠠᠩ ᠪᠠᠯᠭᠠᠰᠤᠨ ᠤ ᠰᠠᠭᠤᠭᠠᠯᠢ ᠠᠷᠠᠳ ᠰᠦᠨ ᠼᠦᠢ ᠫᠢᠩ ᠦᠬᠡᠨ ᠤ ᠦᠵᠦᠬᠦᠷ ᠢ  ᠡᠯᠬᠦᠵᠦ᠄ ︽ᠤᠤᠯ ᠨᠢ ᠬᠠᠩᠭᠠᠨ ᠪᠣᠷᠣᠯᠠᠭᠤᠯᠬᠤ ᠬᠤᠷᠰᠢᠶᠠᠨ ᠤ ᠲᠤᠬᠠᠶ ᠵᠦᠪᠭᠡᠨ ᠪᠠᠭ᠎ᠠ ᠰᠠᠭ᠎ᠠ ᠤᠶᠢᠯᠠᠭᠠᠳᠠᠭ ᠪᠠᠶᠢᠯ᠎ᠠ᠂ ᠡᠨᠡ ᠤᠳᠠᠭᠠᠨ ᠤ ᠮᠡᠳᠡᠯᠭᠡ ᠶᠢᠨ ᠤᠷᠤᠯᠳᠤᠭᠠᠨ ᠢᠶᠠᠷ  ᠲᠠᠮᠵᠢᠭᠠᠳ᠂ ᠬᠠᠩᠭᠠᠨ ᠪᠣᠷᠣᠯᠠᠭᠤᠯᠬᠤ ᠮᠡᠳᠡᠯᠭᠡ ᠶᠢ ᠭᠦᠨᠵᠡᠭᠡᠶ ᠰᠤᠷᠤᠯᠴᠠᠵᠤ᠂ ᠣᠯᠤᠯᠲᠠ ᠲᠥᠷᠥᠭᠳᠡᠯ ᠮᠠᠰᠢ ᠶᠡᠭᠡ ᠪᠠᠶᠢᠭ᠎ᠠ᠂  ᠰᠠᠶᠢᠨ ᠬᠠᠷᠢᠭᠤᠯᠪᠠᠯ ᠪᠠᠰᠠ ᠱᠠᠩᠨᠠᠯ ᠬᠦᠷᠳᠡᠴᠢᠬᠡᠨ᠎ᠡ᠂ ᠶᠡᠭᠡ ᠰᠤᠨᠢᠷᠬᠠᠯ ᠲᠠᠢ︾ ᠬᠡᠯ᠎ᠡ᠃ ᠣᠶᠢᠯᠠᠭᠠᠭᠰᠠᠨ ᠢᠶᠠᠷ᠂ ᠡᠨᠡ ᠤᠳᠠᠭᠠᠨ ᠤ ᠮᠡᠳᠡᠯᠭᠡ ᠶᠢᠨ ᠤᠷᠤᠯᠳᠤᠭᠠᠨ ᠨᠢ 6 ᠰᠠᠷ᠎ᠠ ᠶᠢᠨ 16 ᠤ ᠡᠳᠦᠷ ᠠᠴᠠ ᠡᠬᠢᠯᠡᠨ 6 ᠰᠠᠷ᠎ᠠ ᠶᠢᠨ 29 ᠤ ᠡᠳᠦᠷ ᠪᠣᠯᠲᠠᠯ᠎ᠠ ᠶᠠᠪᠤᠭᠳᠠᠵᠤ᠂ 7 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 10 ᠤ ᠡᠳᠦᠷ ᠲᠤ ᠱᠠᠩᠨᠠᠯ ᠢ ᠤᠯᠭᠤᠨ᠎ᠠ ᠭᠡᠨ᠎ᠡ᠃ ᠠᠵᠢᠯᠯᠠᠭ᠎ᠠ ᠨᠢ ᠤᠯᠠᠨ ᠲᠦᠮᠡᠨ ᠳᠤ ᠬᠠᠩᠭᠠᠨ ᠪᠣᠷᠣᠯᠠᠭᠤᠯᠬᠤ ᠮᠡᠳᠡᠯᠭᠡ ᠶᠢ ᠰᠤᠷᠤᠯᠴᠠᠬᠤ ᠲᠠᠪᠴᠠᠩ ᠬᠠᠩᠭᠠᠭᠰᠠᠨ ᠲᠡᠳᠦᠢ ᠦᠭᠡᠢ᠂ ᠨᠡᠩ ᠴᠤ ᠰᠢᠨ᠎ᠡ ᠠᠷᠭ᠎ᠠ ᠬᠡᠯᠪᠡᠷᠢ ᠪᠠᠷ ᠬᠠᠩᠭᠠᠨ ᠪᠣᠷᠣᠯᠠᠭᠤᠯᠬᠤ ᠰᠣᠶᠣᠯ ᠤᠨ ᠤᠯᠠᠮᠵᠢᠯᠠᠯ ᠢ ᠠᠬᠢᠭᠤᠯᠵᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ︾ ᠳᠤ ᠦᠢᠯᠡᠴᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号