6 ᠰᠠᠷ᠎ᠠ ᠶᠢᠨ 17 ᠤ ᠡᠳᠦᠷ᠂ 2025 ᠣᠨ ᠤ ᠰᠢᠯᠢ ᠶᠢᠨ ᠭᠤᠣᠯ ᠠᠶᠢᠮᠠᠭ ᠤᠨ ᠮᠣᠩᠭᠤᠯ ᠮᠤᠷᠢᠨ ᠤ | ᠬᠤᠯᠪᠤᠭᠠᠳᠤ ᠤᠷᠤᠯᠳᠤᠭᠠᠨ ᠤ ᠶᠡᠷᠦᠩᠬᠡᠢ ᠰᠢᠢᠳᠪᠦᠷᠢᠲᠦ ᠤᠷᠤᠯᠳᠤᠭᠠᠨ ᠵᠢᠴᠢ ᠳᠤᠮᠳᠠᠳᠤ ᠤᠯᠤᠰ ᠤᠨ ᠠᠳᠤᠭᠤᠨ ᠤ | ᠦᠢᠯᠡᠰ ᠤᠨ ᠨᠡᠶᠢᠬᠡᠮᠯᠢᠭ ᠤᠨ ᠮᠣᠷᠢᠨ ᠤᠷᠤᠯᠳᠤᠭᠠᠨ ᠤ ᠲᠠᠨᠢᠯᠴᠠᠭᠤᠯᠭ᠎ᠠ ᠶᠢᠨ ᠬᠤᠷᠠᠯ ︽ᠰᠦᠨ ᠨᠠᠭᠤᠷ︾ ᠤᠨ | ᠦᠵᠡᠮᠵᠢ ᠶᠢᠨ ᠤᠷᠤᠨ ᠳᠤ ᠠᠮᠵᠢᠯᠳᠠᠳᠠᠢ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ ᠵᠠᠩ ᠶᠦᠩ ᡁᠢ ᠠᠴᠠ ᠤᠳᠠᠯ ᠥᠬᠡᠶ ᠪᠤᠯᠬᠤ ᠭᠡᠵᠦ ᠪᠠᠶᠢᠭ᠎ᠠ ᠤᠷᠤᠯᠳᠤᠭᠠᠨ ᠨᠠᠭᠠᠳᠤᠮ ᠤᠨ | ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠤ᠂ ᠡᠨᠡ ᠤᠳᠠᠭᠠᠨ ᠤ ᠠᠵᠢᠯᠯᠠᠭᠠᠨ ᠤ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠬᠤ᠂ ᠣᠷᠣᠨ ᠨᠤᠲᠤᠭ ᠤᠨ ᠰᠣᠶᠣᠯ ᠵᠢᠭᠤᠯᠴᠢᠯᠠᠯ ᠲᠠᠮᠢᠷ ᠤᠨ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠬᠤ ᠳᠤ ᠦᠵᠡᠭᠦᠯᠬᠦ ᠢᠳᠡᠪᠬᠢ ᠦᠢᠯᠡᠳᠦᠯ ᠢ ᠲᠣᠳᠣᠷᠬᠠᠶᠢᠯᠠᠨ ᠥᠭᠦᠯᠡᠵᠦ᠂ ᠠᠵᠢᠯᠯᠠᠭ᠎ᠠ ᠶᠢ | ᠠᠮᠵᠢᠯᠳᠠᠳᠠᠢ ᠰᠠᠶᠢᠬᠠᠨ ᠡᠷᠬᠢᠯᠡᠬᠦ ᠢᠳᠡᠭᠡᠯ ᠵᠤᠷᠢᠭ ᠢᠶᠠᠨ ᠢᠯᠡᠷᠭᠡᠶᠢᠯᠡᠭᠰᠡᠨ ᠪᠠᠶᠢᠨ᠎ᠠ᠃ ᠳᠠᠷᠠᠭ᠎ᠠ ᠨᠢ᠂ ᠬᠤᠷᠠᠯ ᠳᠤ | ᠣᠷᠣᠯᠴᠠᠭᠰᠠᠨ ᠤᠳᠤᠷᠢᠳᠤᠯᠭ᠎ᠠ ᠨᠠᠷ ᠬᠠᠮᠲᠤ ᠪᠠᠷ ᠲᠠᠶᠢᠰᠠᠨ ᠳᠤ ᠭᠠᠷᠴᠤ᠂ ᠬᠦᠳᠡᠯᠪᠦᠷᠢ ᠠᠵᠢᠯᠯᠠᠭᠠᠨ ᠤ ᠠᠮᠵᠢᠯᠲᠠ | ᠲᠠᠢ ᠶᠠᠪᠤᠭᠳᠠᠬᠤ ᠳᠤ ᠬᠦᠰᠡᠯ ᠵᠦᠩᠨᠡᠯ ᠢᠶᠠᠨ ᠲᠡᠪᠰᠢᠬᠦᠯᠦᠨ᠂ ᠠᠬᠤᠢ ᠲᠠᠯᠠᠪᠠᠢ ᠶᠢᠨ ᠠᠭᠤᠷ ᠠᠮᠢᠰᠬᠤᠯ ᠢ ᠤᠯᠠᠮ | ᠬᠦᠷ ᠬᠥᠭᠵᠢᠶᠡᠨ ᠲᠠᠢ ᠪᠤᠯᠭᠠᠵᠠᠢ᠃ ᠡᠨᠡ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠡᠷᠬᠢᠯᠡᠭᠰᠡᠨ ᠨᠢ 2025 | ᠣᠨ ᠤ ᠰᠢᠯᠢ ᠶᠢᠨ ᠭᠤᠤᠯ ᠠᠶᠢᠮᠠᠭ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠶᠡᠷᠦᠩᠬᠡᠶ | ᠰᠢᠢᠳᠪᠦᠷᠢᠲᠦ ᠤᠷᠤᠯᠳᠤᠭᠠᠨ ᠵᠢᠴᠢ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠬᠡᠮᠯᠢᠭ ᠤᠨ ᠮᠣᠷᠢᠨ | ᠤᠷᠤᠯᠳᠤᠭᠠᠨ ᠤ ᠠᠵᠢᠯᠯᠠᠭ᠎ᠠ ᠵᠢᠩᠬᠢᠨᠢ ᠪᠠᠷ ᠬᠦᠰᠢᠭᠡ ᠰᠡᠬᠦᠭᠰᠡᠨ ᠢ ᠬᠠᠷᠠᠭᠤᠯᠵᠤ ᠪᠠᠶᠢᠭ᠎ᠠ ᠶᠤᠮ᠃ ᠤᠷᠤᠯᠳᠤᠭᠠᠨ | ᠨᠢ 6 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ ᠭᠦᠨᠪᠤᠯᠠᠭ ᠰᠤᠮᠤᠨ ᠳᠤ ᠶᠠᠪᠤᠭᠳᠠᠬᠤ ᠪᠤᠯᠤᠨ᠎ᠠ᠃ | ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠸᠧᠶ ᠸᠧᠶ᠂ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ ᠳ᠋ᠠᠶ ᡁᠢ ᠷᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠽᠦᠸᠧ ᡁᠢ ᠭᠦᠸᠧ ᠠᠵᠢᠯᠯᠠᠭ᠎ᠠ ᠳᠤ ᠣᠷᠣᠯᠴᠠᠵᠤ᠂ ᠳᠡᠳ᠋ ᠬᠤᠰᠢᠭᠤ ᠳᠠᠷᠤᠭ᠎ᠠ ᠾᠧ | ᠳ᠋ᠢᠩ ᠦᠨᠦᠳᠦᠷ ᠤᠨ ᠬᠤᠷᠠᠯ ᠢ ᠡᠷᠬᠢᠯᠡᠵᠡᠢ᠃ |