ᠴᠧᠨ ᠶᠠᠨ ᠪᠦᠦ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2025/6/18
  6 ᠰᠠᠷ᠎ᠠ ᠶᠢᠨ 17᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠺᠠᠢ ᠳ᠋ᠡ ᠲᠦᠮᠦᠰᠦᠨ ᠤ ᠦᠢᠯᠡᠰ ᠤᠨ ᠲᠦᠷᠦᠯ ᠵᠦᠢᠯ᠂ ᠲᠠᠶᠢᠹᠤᠰᠧ ᠬᠤᠰᠢᠭᠤᠨ ᠤ ᠰᠣᠶᠣᠯ ᠵᠢᠭᠤᠯᠴᠢᠯᠠᠯ ᠤᠨ ᠣᠷᠣᠨ ᠤ ᠠᠳᠤᠭᠤᠨ ᠵᠤᠰᠠᠭᠠᠯ᠂  ᠠᠳᠤᠭᠤᠳᠤ ᠪᠠᠯᠭᠠᠰᠤ ᠦᠵᠡᠮᠵᠢ ᠶᠢᠨ ᠣᠷᠣᠨ᠂  ᠪᠦᠷᠳᠡ ᠴᠢᠨ᠋ᠸ᠎ᠠ ᠦᠵᠡᠮᠵᠢ ᠶᠢᠨ ᠣᠷᠣᠨ᠂ ᠴᠢᠶᠠᠨ ᠶᠢᠨ ᠭᠧᠦ ᠪᠠᠯᠭᠠᠰᠤᠨ ᠤ ᠴᠢ ᠬᠤᠤ ᠲᠣᠰᠬᠤᠨ ᠳᠤ ᠭᠦᠨᠵᠡᠭᠡᠶᠢᠷᠡᠵᠦ᠂ ᠲᠦᠷᠦᠯ ᠵᠦᠢᠯ ᠤᠨ ᠠᠬᠢᠴᠠ᠂ ᠠᠶᠤᠯᠭᠦᠢ ᠦᠢᠯᠡᠳᠪᠦᠷᠢᠯᠡᠯ᠂ ᠰᠣᠶᠣᠯ ᠵᠢᠭᠤᠯᠴᠢᠯᠠᠯ ᠤᠨ ᠦᠢᠯᠡᠰ᠂ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠢ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠠᠬᠢᠴᠠ ᠶᠢ ᠲᠦᠷᠭᠡᠳᠭᠡᠨ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠠᠰᠢᠭ ᠬᠦᠷᠳᠡᠬᠦ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ ᠥᠨᠥ ᠵᠤᠨ ᠲᠠᠶᠢᠹᠤᠰᠧ ᠬᠤᠰᠢᠭᠤᠨ ᠤ ᠰᠣᠶᠣᠯ ᠵᠢᠭᠤᠯᠴᠢᠯᠠᠯ ᠤᠨ  ᠬᠦᠳᠡᠯᠪᠦᠷᠢ ᠠᠵᠢᠯᠯᠠᠭ᠎ᠠ ᠤᠯᠠᠨ ᠲᠡᠭᠡᠷ᠎ᠡ ᠰᠦᠨ ᠨᠠᠭᠤᠷ ᠨᠢ ᠤᠯᠤᠰ ᠲᠠᠶᠠᠭᠠᠷ ᠲᠤ ᠨᠡᠷ᠎ᠡ ᠠᠯᠳᠠᠷᠰᠢᠭᠰᠠᠨ ᠪᠤᠯᠬᠤᠷ ᠡᠯ᠎ᠡ ᠵᠢᠭᠤᠯᠴᠢᠯᠠᠯ ᠤᠨ ᠤᠷᠤᠨ ᠨᠢ ᠲᠣᠨᠤᠭ ᠲᠥᠬᠦᠭᠡᠷᠦᠮᠵᠢ ᠶᠢᠨ ᠪᠠᠶᠢᠭᠤᠯᠤᠯᠳᠠ᠂ ᠦᠢᠯᠡᠴᠢᠯᠡᠭᠡᠨ ᠤ ᠰᠠᠶᠢᠵᠢᠷᠠᠭᠤᠯᠤᠯᠳᠠ᠂ ᠬᠤᠭᠤᠯᠠ ᠤᠮᠳᠠ ᠬᠤᠨᠤᠭ ᠪᠠᠭᠤᠳᠠᠯ ᠤᠨ ᠪᠠᠲᠤᠯᠠᠭ᠎ᠠ ᠳᠡᠭᠡᠷ᠎ᠡ ᠬᠦᠴᠦ ᠲᠠᠯᠪᠢᠵᠤ᠂ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢ ᠳᠤ ᠲᠠᠭᠠᠳᠠᠢ ᠰᠠᠶᠢᠬᠠᠨ ᠵᠢᠭᠤᠯᠴᠢᠯᠠᠯ ᠤᠨ ᠤᠷᠴᠢᠨ ᠨᠦᠬᠦᠴᠡᠯ ᠢ ᠬᠠᠩᠭᠠᠬᠤ ᠪᠠᠷ ᠴᠢᠷᠮᠠᠶᠢᠬᠤ ᠭᠡᠷᠡᠭᠳᠡᠢ  ᠃ ᠣᠶ ᠰᠢᠭᠤᠢ ᠨᠤᠳᠤᠭ ᠪᠡᠯᠴᠢᠭᠡᠷ ᠢ ᠡᠪᠳᠡᠵᠦ ᠰᠦᠢᠳᠬᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠠᠵᠢᠯ ᠤᠨ ᠲᠤᠯᠭᠠᠮ᠎ᠠ ᠴᠢᠨᠠᠷ ᠪᠣᠯᠣᠨ ᠴᠢᠬᠤᠯᠠ ᠴᠢᠨᠠᠷ ᠢ ᠭᠦᠨᠵᠡᠭᠡᠢ ᠲᠠᠨᠢᠵᠤ᠂  ᠬᠤᠷᠢᠭ᠎ᠠ ᠱᠤᠭᠤᠮ ᠢ ᠭᠤᠶᠢᠪᠢᠰᠢ ᠦᠭᠡᠢ ᠴᠢᠩᠭ᠎ᠠ ᠰᠠᠬᠢᠨ᠂ ᠭᠤᠣᠯᠳᠠᠯᠭ᠎ᠠ ᠶᠢ ᠰᠠᠶᠢᠳᠤᠷ ᠠᠩᠬᠠᠷᠴᠤ᠂ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠭᠡᠨ ᠡᠷᠡᠰ ᠬᠤᠷᠢᠭᠯᠠᠬᠤ ᠬᠡᠷᠡᠭᠲᠡᠢ ᠭᠡᠪᠡ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠎ ᠶᠢᠨ ᠭᠡᠰᠢᠬᠦᠨ᠂  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠢᠦ ᠶᠠ ᠱᠧᠩ ᠪᠠᠶᠢᠴᠠᠭᠠᠨ ᠰᠤᠳᠤᠯᠬᠤ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号