ᠪᠤᠤᠴᠠᠩ ᠪᠠᠯᠭᠠᠰᠤᠨ ᠤ  ᠬᠢᠨ ᠦᠵᠡᠮᠵᠢ ᠶᠢᠨ ᠤᠷᠤᠨ ᠳᠤ ᠬᠦᠨᠵᠡᠬᠡᠶᠢᠷᠡᠵᠦ ᠰᠠᠶᠢᠨ ᠳᠤᠷ᠎ᠠ ᠶᠢᠨ ᠦᠢᠯᠡᠴᠢᠯᠡᠭᠡ ᠦᠷᠨᠢᠬᠦᠯᠦᠨ᠎ᠡ
ᠨᠡᠶᠢᠲᠡᠯᠡᠭᠰᠡᠨ ᠴᠠᠭ᠄
2025/6/18
   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠢᠳᠡᠪᠬᠢᠲᠡᠢ ᠦᠢᠯᠡᠳᠦᠯᠬᠡᠵᠢᠬᠦᠯᠦᠨ᠂ ᠴᠡᠪᠡᠷ ᠴᠡᠮᠴᠡᠭᠡᠷ᠂ ᠭᠤᠶᠤ ᠰᠠᠶᠢᠬᠠᠨ᠂ ᠡᠶ᠎ᠡ ᠵᠣᠬᠢᠴᠠᠩᠭᠤᠢ  ᠵᠢᠭᠤᠯᠴᠢᠯᠠᠯ ᠤᠨ ᠣᠷᠴᠢᠨ ᠲᠣᠭᠤᠷᠢᠨ ᠢ ᠪᠤᠢ ᠪᠤᠯᠭᠠᠵᠤ᠂ ᠴᠣ ᠰᠢᠨ᠎ᠡ ᠳᠦᠷᠰᠦ ᠪᠠᠶᠢᠳᠠᠯ ᠢᠶᠠᠷ ᠲᠦᠷᠪᠡᠨ ᠵᠦᠭ ᠤᠨ ᠵᠤᠴᠢᠳ ᠵᠢᠭᠤᠯᠴᠢᠯᠠᠭᠴᠢ ᠶᠢ ᠤᠭᠳᠤᠬᠤ  ᠶᠢᠨ ᠲᠦᠯᠦᠭᠡ᠂  ᠪᠤᠤᠴᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ  ᠨᠢ 6 ᠰᠠᠷ᠎ᠠ ᠶᠢᠨ 1 ᠤ ᠡᠳᠦᠷ ᠠᠴᠠ ᠡᠬᠢᠯᠡᠨ ᠱᠤ᠋ ᠭᠤᠸᠠᠩ ᠲᠣᠰᠬᠤᠨ ᠳᠠᠬᠢ ᠬᠠᠨ᠎ᠠ ᠬᠠᠳᠠ ᠪᠣᠯᠤᠨ ᠪᠢᠶᠠᠨ ᠴᠢᠶᠠᠩ ᠲᠣᠰᠬᠤᠨ ᠳᠠᠬᠢ ᠴᠠᠨ᠎ᠠ  ᠴᠡᠴᠡᠭ ᠤᠨ ᠬᠦᠷᠢᠶᠡᠯᠡᠩ ᠳᠤ ᠬᠦᠨᠵᠡᠬᠡᠶᠢᠷᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠵᠦ ᠪᠤᠢ᠃  ᠰᠠᠶᠢᠨ ᠲᠤᠷ᠎ᠠ ᠶᠢᠨ ᠦᠢᠯᠡᠴᠢᠯᠡᠭᠴᠢ ᠨᠠᠷ ᠦᠷᠯᠦᠭᠡ ᠪᠦᠷᠢ ᠦᠵᠡᠮᠵᠢ ᠶᠢᠨ ᠤᠷᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠲᠤ ᠬᠦᠷᠴᠦ᠂ ᠣᠷᠴᠢᠨ ᠲᠣᠭᠤᠷᠢᠨ ᠤ ᠴᠡᠪᠡᠷᠯᠡᠭᠡ ᠶᠢᠨ ᠠᠵᠢᠯ ᠳᠤ ᠤᠷᠤᠯᠴᠠᠨ᠂ ᠦᠵᠡᠮᠵᠢ ᠶᠢᠨ ᠣᠷᠣᠨ ᠤ ᠥᠨᠴᠥᠭ ᠪᠤᠯᠤᠩ ᠨᠢᠭᠡᠪᠦᠷᠢ ᠶᠢ ᠨᠠᠷᠢᠨ ᠬᠢᠨᠠᠮᠠᠭᠠᠶ ᠴᠡᠪᠡᠷᠯᠡᠵᠦ᠂  ᠲᠠᠷᠬᠠᠤ ᠪᠤᠳᠠᠷᠠᠭᠰᠠᠨ ᠬᠤᠭ ᠨᠣᠪᠰᠢ᠂  ᠴᠠᠭᠠᠰᠤ ᠰᠦᠯᠢᠶᠤᠤ᠂  ᠯᠤᠩᠬᠤ ᠰᠠᠪᠠ ᠵᠡᠷᠭᠡ  ᠶᠢ ᠨᠢᠭᠡᠳ ᠨᠢᠭᠡ ᠪᠠᠷ ᠲᠡᠭᠦᠵᠦ ᠠᠪᠴᠠᠢ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ ᠦᠵᠡᠮᠵᠢ ᠶᠢᠨ ᠣᠷᠣᠨ ᠤ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠵᠤ᠂ ᠴᠡᠪᠡᠷ ᠴᠡᠮᠴᠡᠭᠡᠷ᠂ ᠭᠤᠶᠤ ᠰᠠᠶᠢᠬᠠᠨ ᠳᠦᠷᠰᠦ ᠪᠠᠶᠢᠳᠠᠯ ᠲᠠᠢ ᠪᠣᠯᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠢᠷᠡᠵᠦ ᠶᠠᠪᠤᠭ᠎ᠠ ᠵᠢᠭᠤᠯᠴᠢᠯᠠᠭᠰᠠᠳ ᠲᠤ  ᠵᠠᠮ ᠱᠤᠭᠤᠮ ᠤᠨ ᠵᠢᠯᠤᠭᠤᠳᠤᠯᠭ᠎ᠠ᠂ ᠠᠯᠪᠠᠨ ᠵᠢᠷᠤᠮ ᠤᠨ ᠲᠠᠶᠢᠯᠪᠤᠷᠢᠯᠠᠯᠲᠠ᠂ ᠲᠡᠷᠭᠡ ᠬᠦᠰᠭᠡ ᠵᠣᠭᠰᠣᠭᠠᠬᠤ ᠵᠡᠷᠭᠡ ᠲᠠᠯᠠᠪᠠᠷ ᠬᠠᠯᠠᠭᠤᠮᠰᠠᠭ ᠦᠢᠯᠡᠴᠢᠯᠡᠭᠡ ᠬᠠᠩᠭᠠᠵᠤ᠂  ᠤᠰᠤ᠂  ᠴᠠᠭᠠᠰᠤ᠂ ᠰᠢᠬᠦᠷ᠂ ᠲᠦᠷᠭᠡᠨ ᠠᠪᠤᠷᠠᠯᠳᠠ ᠶᠢᠨ ᠪᠣᠭᠴᠣ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠤᠳᠠᠰ ᠢ ᠬᠦᠷᠭᠡᠭᠡᠳ᠂  ᠢᠷᠡᠭᠰᠡᠨ ᠵᠤᠴᠢᠳ ᠨᠢᠭᠡᠪᠦᠷᠢ ᠶᠢ ᠪᠠᠶᠠᠷ ᠬᠦᠷ ᠲᠠᠢ ᠲᠤᠭᠤᠷᠢᠨ ᠵᠤᠭᠠᠴᠠᠭᠤᠯᠵᠤ ᠰᠡᠳᠬᠢᠯ ᠬᠠᠨᠤᠮᠵᠢᠲᠠᠢ  ᠭᠡᠷ ᠲᠤᠨᠢ ᠬᠠᠷᠢᠭᠤᠯᠤᠨ᠎ᠠ᠃  ᠪᠤᠤᠴᠠᠩ ᠪᠠᠯᠭᠠᠰᠤ ᠨᠢ ᠡᠶᠢᠨ ᠬᠦ᠋ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠭᠠᠷᠳᠠᠴᠠ  ᠪᠤᠯᠭᠠᠨ᠂  ᠬᠠᠨ᠎ᠠ ᠬᠠᠳᠠ᠂ ᠴᠠᠨ᠎ᠠ ᠴᠡᠴᠡᠭ ᠤᠨ ᠬᠦᠷᠢᠶᠡᠯᠡᠩ ᠵᠡᠷᠭᠡ ᠦᠵᠡᠮᠵᠢ ᠶᠢᠨ ᠤᠷᠤᠨ ᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠭᠰᠠᠨ ᠢᠶᠠᠷ ᠪᠠᠷᠠᠬᠤ ᠥᠬᠡᠶ᠂  ᠲᠤᠭᠤᠷᠢᠨ ᠵᠢᠭᠤᠯᠴᠢᠯᠠᠬᠤ ᠪᠠᠷ ᠢᠷᠡᠬᠦ ᠬᠦᠮᠦᠰ ᠲᠤ ᠴᠡᠪᠡᠷ  ᠲᠠᠭᠠᠯᠠᠮᠵᠢᠲᠠᠶ᠂ ᠪᠣᠯᠪᠠᠰᠤᠨ ᠰᠠᠶᠢᠬᠠᠨ ᠵᠢᠭᠤᠯᠴᠢᠯᠠᠯ ᠤᠨ ᠵᠠᠮ ᠢ ᠲᠡᠪᠢᠰᠴᠡᠢ᠃ ᠳᠠᠷᠠᠭᠠᠴᠢ ᠶᠢᠨ ᠠᠯᠬᠤᠮ ᠳᠤ᠂ ᠪᠤᠤᠴᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠡᠨᠡ  ᠲᠠᠯᠠᠪᠠᠷ ᠦᠷᠭᠦᠯᠵᠢᠯᠡᠨ ᠬᠦᠴᠦᠯᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠢ ᠤᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠪᠠᠶᠢᠭᠤᠯᠤᠨ᠂ ᠪᠣᠯᠪᠠᠰᠤᠨ ᠤ ᠴᠡᠴᠡᠭ ᠢ ᠡᠭᠦᠷᠢᠳᠡ ᠲᠡᠯᠬᠡᠷᠡᠬᠦᠯᠵᠦ᠂ ᠲᠦᠷᠪᠡᠨ ᠵᠦᠭ  ᠤᠨ ᠵᠣᠴᠢᠳ ᠢ ᠤᠭᠳᠤᠨ᠂  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠴᠣ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠪᠠᠷ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号