ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ | ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 6 | ᠰᠠᠷ᠎ᠠ ᠶᠢᠨ 17 ᠤ ᠡᠳᠦᠷ ᠬᠤᠰᠢᠭᠤᠨ ᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠠᠯᠪᠠᠨ | ᠭᠡᠷ ᠨᠢ ᠲᠠᠶᠢᠹᠤᠰᠧ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃ | ᠬᠤᠰᠢᠭᠤᠨ ᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠠᠯᠪᠠᠨ ᠭᠡᠷ ᠤᠨ ᠠᠵᠢᠯᠲᠠᠨ ᠭᠦᠸᠧ | ᠵᠢᠶ ᠬᠤᠩ ᠠᠴᠠ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠵᠤ ᠪᠠᠶᠢᠭᠠᠳ ᠤᠯᠤᠰ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠶᠠᠪᠤᠴᠠ ᠶᠢ ᠠᠮᠢᠳᠤᠯᠢᠭ ᠢᠶᠠᠷ ᠶᠠᠷᠢᠵᠤ᠂ ᠠᠬᠠᠮᠠᠳ | ᠦᠶ᠎ᠡ ᠶᠢᠨ ᠬᠢᠨ ᠤ ᠡᠷᠡᠯᠬᠡᠭ ᠪᠠᠭᠠᠲᠤᠷᠯᠢᠭ ᠲᠡᠮᠡᠴᠡᠯ ᠠᠴᠠ ᠤᠳᠤ ᠦᠶ᠎ᠡ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠦᠴᠦᠨ ᠤ ᠡᠳᠦᠷ ᠢᠷᠡᠬᠦᠶ᠎ᠡ ᠬᠦᠴᠦᠷᠬᠡᠭᠵᠢᠵᠦ ᠪᠠᠶᠢᠭ᠎ᠠ ᠦᠯᠢᠭᠡᠷ ᠲᠡᠦᠭᠡ ᠪᠠ | ᠰᠡᠳᠬᠢᠯ ᠲᠤᠭᠳᠤᠯᠤᠮ᠎ᠠ ᠠᠮᠵᠢᠯᠲᠠ ᠪᠦᠲᠦᠮᠵᠢ ᠶᠢ ᠲᠠᠨᠢᠯᠴᠠᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠤᠯᠤᠰ ᠦᠨᠳᠦᠰᠦᠲᠡᠨ ᠳᠤ ᠦᠵᠡᠭᠦᠯᠬᠦ ᠴᠢᠬᠤᠯᠠ ᠴᠢᠨᠠᠷ ᠢ ᠰᠤᠷᠤᠭᠴᠢᠳ ᠲᠤ ᠭᠦᠨᠵᠡᠭᠡᠢ ᠮᠡᠳᠡᠷᠡᠬᠦᠯᠪᠡ᠃ | ᠠᠵᠢᠯᠳᠠᠳ ᠪᠠᠰᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ ᠳᠤᠷᠠᠰᠬᠠᠯ ᠤᠨ ᠡᠳ᠋ ᠭᠠᠷᠳᠠᠭᠤᠯᠵᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠢᠬᠤᠯᠠ ᠴᠢᠨᠠᠷ ᠤᠨ ᠲᠤᠬᠠᠶ ᠰᠤᠷᠤᠭᠴᠢᠳ ᠤᠨ ᠤᠶᠢᠯᠠᠭᠠᠯᠳᠠ | ᠲᠠᠨᠢᠯᠳᠠ ᠶᠢ ᠬᠦᠨᠵᠡᠬᠡᠶᠢᠷᠡᠬᠦᠯᠵᠡᠢ᠃ ᠰᠤᠷᠭᠠᠭᠤᠯᠢ ᠶᠢᠨ ᠬᠦᠷᠢᠶ᠎ᠡ ᠪᠣᠯ ᠡᠷᠳᠡᠮ ᠮᠡᠳᠡᠯᠭᠡ ᠶᠢ ᠵᠢᠭᠠᠵᠤ ᠤᠯᠠᠮᠵᠢᠯᠠᠬᠤ | ᠲᠠᠩᠬᠢᠮ᠂ ᠨᠠᠩ ᠴᠤ ᠡᠬᠡ ᠤᠷᠤᠨᠴᠢ ᠬᠠᠶᠢᠷ᠎ᠠ ᠰᠡᠳᠬᠢᠯᠭᠡ ᠶᠢ ᠪᠤᠶᠢᠵᠢᠭᠤᠯᠬᠤ ᠰᠢᠮᠡᠳᠦ ᠬᠦᠷᠦᠰᠦ ᠪᠣᠯᠤᠨ᠎ᠠ᠃ ᠡᠨᠡ | ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠠᠵᠢᠯᠯᠠᠭ᠎ᠠ ᠨᠢ ᠮᠠᠰᠢ ᠰᠠᠶᠢᠨ ᠦᠷ᠎ᠡ ᠪᠦᠲᠦᠮᠵᠢ ᠣᠯᠵᠤ᠂ ᠰᠤᠷᠭᠠᠭᠤᠯᠢ ᠶᠢᠨ ᠬᠦᠷᠢᠶᠡᠨ ᠳᠤ ᠤᠯᠤᠰ ᠢᠶᠠᠨ | ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠨ᠂ ᠦᠷᠭᠡᠨ ᠤᠯᠠᠨ | ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠤᠨ ᠦᠨᠳᠦᠰᠦᠲᠡᠨ ᠤ ᠤᠮᠤᠭᠰᠢᠯᠳᠤ | ᠰᠡᠳᠬᠢᠯᠭᠡ ᠶᠢ ᠨᠡᠮᠡᠭᠳᠡᠭᠦᠯᠵᠦ᠂ ᠤᠯᠤᠰ ᠢᠶᠠᠨ ᠬᠦᠴᠦᠷᠬᠡᠭᠵᠢᠭᠦᠯᠬᠦ ᠬᠦᠰᠡᠯ ᠡᠷᠡᠮᠡᠯᠵᠡᠯ ᠳᠤ ᠬᠦᠴᠦᠨ ᠴᠢᠳᠠᠯ | ᠨᠡᠮᠡᠷᠢᠯᠡᠭᠰᠡᠨ ᠪᠠᠶᠢᠨ᠎ᠠ᠃ |