6 ᠰᠠᠷ᠎ᠠ ᠶᠢᠨ 17 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠣᠤ | ᠬᠠᠶ ᠰᠢᠤᠢ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠪᠠ ᠰᠤᠷᠤᠯᠴᠠᠯᠭ᠎ᠠ ᠶᠢᠨ | ᠵᠥᠪᠯᠡᠯ ᠤᠨ ᠡᠷᠬᠢᠯᠡᠭᠴᠢ ᠯᠢᠨ ᠵᠠᠨ ᠵᠢᠶᠦ᠋ᠨ᠂ ᠠᠶᠢᠮᠠᠭ ᠤᠨ ᠡᠳ᠋ ᠤᠨ ᠵᠠᠰᠠᠭ ᠤᠨ ᠲᠤᠪᠴᠢᠶᠠᠨ ᠤ ᠳᠡᠳ᠋ ᠳᠠᠷᠤᠭ᠎ᠠ | ᠯᠢᠦ ᡁᠢ ᠬᠤᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠶᠢᠮᠠᠭ ᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠳᠡᠳ᠋ ᠳᠠᠷᠤᠭ᠎ᠠ ᠰᠢᠤᠢ ᡁᠢ ᠭᠠᠩ᠂ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠳᠡᠳ᠋ ᠳᠠᠷᠤᠭ᠎ᠠ ᠰᠢᠯᠢᠩᠭᠤᠸ᠎ᠠ ᠵᠡᠷᠭᠡ ᠬᠦᠮᠦᠰ | ᠬᠤᠩ ᠴᠢ ᠪᠠᠯᠭᠠᠰᠤᠨ ᠤ ᠶᠤᠸᠠᠢ ᠶᠢᠨ ᠲᠤᠰᠬᠤᠨ ᠳᠤ ᠬᠦᠨᠵᠡᠬᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠶᠤᠸᠠᠢ ᠶᠢᠨ ᠲᠣᠰᠬᠤᠨ ᠤ ᠭᠠᠯᠠᠭᠤ ᠲᠡᠵᠢᠭᠡᠬᠦ ᠡᠷᠦᠬᠡ ᠰᠦᠨ ᠱᠤ᠋ ᠬᠠᠢ ᠶᠢᠨ ᠳᠤ ᠬᠦᠷᠴᠦ᠂ | ᠬᠡᠪᠴᠢᠶ᠎ᠡ᠂ ᠡᠭᠦᠯᠳᠡᠷ᠂ ᠥᠪᠡᠷ ᠤᠨ ᠦᠷᠳᠡᠭ᠂ ᠠᠶᠤᠯ ᠲᠦᠭᠰᠢᠭᠦᠷᠢ ᠵᠢᠴᠢ ᠪᠤᠷᠤᠯᠠᠭᠤᠯᠭ᠎ᠠ ᠶᠢᠨ ᠠᠷᠭ᠎ᠠ ᠵᠠᠮ | ᠵᠡᠷᠭᠡ ᠶᠢ ᠨᠠᠷᠢᠨ ᠨᠢᠮᠪᠠᠢ ᠠᠰᠠᠭᠤᠨ ᠤᠶᠢᠯᠠᠭᠠᠭᠰᠠᠨ ᠤ ᠬᠠᠮᠳᠤ᠂ ᠭᠠᠯᠠᠭᠤᠨ ᠤ ᠰᠠᠷᠠᠪᠴᠢ ᠶᠢ ᠨᠢ ᠲᠤᠭᠤᠷᠢᠨ | ᠦᠵᠡᠵᠦ᠂ ᠡᠷᠦᠬᠡ ᠶᠢᠨ ᠡᠵᠡᠨ ᠤ ᠲᠠᠨᠢᠯᠴᠠᠭᠤᠯᠭ᠎ᠠ ᠶᠢ ᠰᠤᠨᠤᠰᠤᠨ᠂ ᠡᠵᠡᠩᠨᠡᠯᠳᠡ ᠶᠢᠨ ᠪᠠᠶᠢᠳᠠᠯ ᠢ ᠨᠢ ᠬᠠᠷᠠᠵᠤ | ᠤᠶᠢᠯᠠᠭᠠᠭᠰᠠᠨ ᠪᠠᠶᠢᠨ᠎ᠠ ᠃ ᠱᠤᠤ ᠬᠠᠢ ᠰᠢᠤᠢ ᠵᠢᠭᠠᠵᠤ ᠭᠠᠷᠭᠠᠬᠤ ᠳᠠᠭᠠᠨ᠂ ᠭᠠᠯᠠᠭᠤ ᠲᠡᠵᠢᠬᠡᠬᠦ ᠠᠵᠤ ᠦᠢᠯᠡᠰ | ᠪᠣᠯ ᠬᠥᠭᠵᠢᠯᠲᠡ ᠶᠢᠨ ᠢᠷᠡᠭᠡᠳᠦᠢ ᠲᠠᠢ ᠤᠨᠴᠠᠯᠢᠬᠳᠤ ᠠᠵᠤ ᠦᠢᠯᠡᠰ ᠪᠠᠶᠢᠵᠤ᠂ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠡᠨᠡᠬᠦ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠬᠦᠴᠢᠷ ᠵᠣᠪᠠᠭᠤᠷᠢ ᠶᠢ | ᠰᠢᠢᠳᠪᠦᠷᠢᠯᠡᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠡᠬᠢ ᠪᠠᠶᠠᠯᠢᠭ ᠢ | ᠨᠡᠶᠢᠳᠭᠡᠨ᠂ ᠬᠠᠮᠳᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠶ᠃ ᠡᠭᠦᠨ ᠤ ᠬᠠᠮᠲᠤ᠂ ᠰᠡᠷᠭᠡᠶᠢᠯᠡᠨ ᠡᠵᠡᠮᠳᠡᠬᠦ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠪᠠ ᠠᠵᠤ ᠠᠬᠤᠶᠢᠯᠠᠯ ᠢ | ᠬᠠᠪᠰᠤᠷᠤᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠪᠦᠲᠦᠮᠵᠢᠲᠡᠶ ᠠᠷᠭᠠᠴᠠᠬᠤ ᠬᠡᠷᠡᠭᠲᠡᠶ ᠭᠡᠪᠡ᠃ |