6 ᠰᠠᠷ᠎ᠠ ᠶᠢᠨ 19 ᠤ ᠡᠳᠦᠷ᠂ ᠲᠠᠶᠢᠹᠤᠰᠧ ᠬᠤᠰᠢᠭᠤ ᠨᠠᠮ ᠤᠨ ᠭᠠᠳᠠᠨᠠᠬᠢ ᠰᠠᠯᠠᠭᠠᠨ ᠲᠡᠰ ᠤᠨ ᠺᠠᠳ᠋ᠷ᠂ ᠨᠠᠮ | ᠪᠦᠯᠦᠭ ᠤᠨ ᠪᠤᠰᠤ ᠬᠥᠮᠦᠰ᠂ ᠨᠠᠮ ᠤᠨ ᠭᠠᠳᠠᠨᠠᠬᠢ ᠰᠡᠬᠡᠭᠡᠲᠡᠨ ᠤ ᠲᠥᠯᠥᠭᠡᠯᠡᠭᠴᠢ ᠬᠥᠮᠦᠰ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠢ ᠰᠡᠳᠦᠪᠲᠦ ᠪᠣᠯᠪᠠᠰᠤᠷᠠᠯ ᠤᠨ | ᠠᠩᠭᠢ ᠶᠢ ᠡᠷᠬᠢᠯᠡᠵᠦ 104 ᠬᠦᠮᠦᠨ ᠪᠣᠯᠪᠠᠰᠤᠷᠠᠯ ᠳᠤ ᠤᠷᠤᠯᠴᠠᠵᠠᠢ᠃ ᠪᠣᠯᠪᠠᠰᠤᠷᠠᠯ ᠲᠡᠭᠡᠷ᠎ᠡ᠂ ᠶᠡᠷᠦᠩᠬᠡᠶ ᠱᠦᠵᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ | ᠴᠢᠬᠤᠯᠠ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯᠯᠡᠬᠦ ᠶᠢᠨ ᠬᠠᠮᠲᠤ ᠣᠨᠣᠯ ᠤᠨ ᠰᠢᠯᠭᠠᠯᠲᠠ ᠬᠢᠵᠦ᠂ | ᠨᠠᠮ ᠤᠨ ᠭᠠᠳᠠᠨᠠᠬᠢ ᠺᠠᠳ᠋ᠷ ᠣᠯᠠᠨ ᠲᠦᠮᠡᠨ ᠤ ︽ᠨᠠᠮ ᠤᠨ ᠢᠶᠠᠨ ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ | ᠰᠣᠨᠣᠰᠬᠤ᠂ ᠨᠠᠮ ᠢᠶᠠᠨ ᠲᠠᠭᠠᠵᠤ ᠤᠷᠤᠭᠰᠢᠯᠠᠬᠤ︾ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ | ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ ᠪᠤᠯᠪᠠᠰᠤᠷᠠᠯ ᠠᠴᠠ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ | ᠶᠢᠨ ᠨᠠᠮ ᠤᠨ ᠭᠠᠳᠠᠨᠠᠬᠢ ᠰᠠᠯᠠᠭᠠᠨ ᠲᠠᠰ ᠤᠨ ᠺᠠᠳ᠋ᠷ᠂ ᠨᠠᠮ ᠪᠦᠯᠦᠭ ᠤᠨ ᠪᠤᠰᠤ ᠬᠥᠮᠦᠰ᠂ ᠨᠠᠮ ᠤᠨ ᠭᠠᠳᠠᠨᠠᠬᠢ | ᠰᠡᠬᠡᠭᠡᠲᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠠᠩᠭᠢᠯᠠᠭ᠎ᠠ ᠶᠢᠨ ᠭᠤᠭᠴᠤᠭ᠎ᠠ ᠪᠤᠯᠤᠨ᠎ᠠ᠂ | ᠪᠣᠯᠪᠠᠰᠤᠷᠠᠯ ᠳᠤ ᠣᠷᠣᠯᠴᠠᠭᠰᠠᠳ ᠡᠷᠭᠡᠪᠰᠢ ᠮᠡᠳᠡᠬᠦᠶ ᠬᠢᠬᠦᠶ ᠶᠢ ᠨᠢᠭᠡᠳᠭᠡᠨ᠂ ᠤᠯᠤᠰ ᠲᠥᠷᠥ ᠶᠢᠨ ᠬᠠᠮᠲᠤ ᠶᠢᠨ | ᠲᠠᠨᠢᠯᠲᠠ ᠪᠠᠨ ᠨᠡᠮᠡᠭᠳᠡᠬᠦᠯᠵᠦ᠂ ᠠᠵᠢᠯ ᠤᠨ ᠴᠢᠳᠠᠪᠤᠷᠢ ᠪᠠᠨ ᠲᠡᠭᠡᠭᠰᠢᠯᠡᠬᠦᠯᠦᠨ᠂ ᠤᠯᠤᠰ ᠲᠥᠷᠥ ᠶᠢᠨ ᠠᠮᠢᠳᠤᠷᠠᠯ | ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠬᠦᠯᠬᠦ ᠴᠢᠬᠤᠯᠠ ᠦᠢᠯᠡᠳᠦᠯ ᠢᠶᠠᠨ ᠪᠠᠳᠠᠷᠠᠭᠤᠯᠵᠤ᠂ ᠠᠵᠤ | ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢᠨ ᠳᠤᠮᠳᠠ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ |