ᠶᠡᠷᠦᠩᠬᠡᠶ ᠱᠦᠵᠢ ᠰᠢ ᠶᠢᠨ ᠫᠢᠩ ᠤᠨ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠲᠤᠤᠱᠯᠠᠭᠤᠯᠵᠤ᠂ ᠲᠠᠩᠰᠠ ᠡᠪᠬᠡᠮᠡᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ | ᠬᠥᠮᠦᠵᠢᠭᠦᠯᠬᠦ ᠶᠢ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 18 ᠤ ᠡᠳᠦᠷ ︽ᠤᠯᠠᠨ ᠤᠯᠤᠰ ᠤᠨ ᠲᠠᠩᠰᠠ | ᠡᠪᠬᠡᠮᠡᠯ ᠤᠨ ᠡᠳᠦᠷ︾ ᠬᠦᠷᠴᠦ ᠢᠷᠡᠬᠦ ᠲᠠᠰᠢᠷᠠᠮ ᠳᠤ ᠲᠠᠶᠢᠹᠤᠰᠧ ᠬᠤᠰᠢᠭᠤᠨ ᠤ ᠬᠢᠨ ᠲᠠᠩᠰᠠ ᠡᠪᠬᠡᠮᠡᠯ ᠤᠨ | ᠮᠡᠳᠡᠯᠭᠡ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠵᠤ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ | ᠮᠥᠴᠢᠷ ᠤᠨ 12 ᠠᠩᠬᠢ ᠨᠢᠭᠡᠴᠡ ᠤᠷᠤᠯᠳᠤᠭᠠᠨ ᠳᠤ ᠣᠷᠣᠯᠴᠠᠵᠡᠢ᠃ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠢᠦᠢ ᠴᠧᠩ ᠭᠦᠸᠧ ᠠᠵᠢᠯᠯᠠᠭ᠎ᠠ ᠳᠤ ᠤᠷᠤᠯᠴᠠᠵᠤ ᠪᠠᠶᠠᠷ ᠤᠨ ᠦᠭᠡ ᠬᠡᠯᠡᠪᠡ᠃ ᠤᠷᠤᠯᠳᠤᠭᠠᠨ ᠤ | ᠠᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠲᠦᠷᠢᠮ︾ ᠵᠡᠷᠭᠡ ᠬᠠᠤᠯᠢ ᠲᠦᠷᠢᠮ | ᠵᠢᠴᠢ ᠲᠠᠩᠰᠠ ᠡᠪᠬᠡᠮᠡᠯ ᠤᠨ ᠦᠨᠳᠦᠰᠦᠨ ᠣᠨᠣᠯ᠂ ᠪᠣᠳᠠᠲᠤ ᠦᠢᠯᠡᠳᠦᠯᠭᠡ ᠵᠡᠷᠭᠡ ᠲᠤᠰᠬᠠᠶ ᠮᠡᠷᠭᠡᠵᠢᠯ ᠤᠨ | ᠮᠡᠳᠡᠯᠭᠡ ᠶᠢ ᠬᠠᠮᠤᠷᠤᠭᠰᠠᠨ ᠪᠠᠶᠢᠨ᠎ᠠ᠃ | ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠤ ᠳᠠᠷᠤᠭ᠎ᠠ ᠶᠤᠸᠠᠨ ᠱᠤ᠋ ᠮᠧᠶ | ᠰᠤᠷᠪᠤᠯᠵᠢᠯᠠᠭ᠎ᠠ ᠬᠦᠯᠢᠶᠡᠬᠦ ᠳᠡᠭᠡᠨ᠄ ︽ ᠡᠨᠡ ᠤᠳᠠᠭᠠᠨ ᠤ ᠤᠷᠤᠯᠳᠤᠭᠠᠨ ᠢ ᠡᠷᠭᠢᠯᠡᠭᠰᠡᠨ ᠨᠢ ᠨᠠᠩ ᠣᠯᠠᠨ ᠬᠦᠮᠦᠰ | ᠲᠤ ᠲᠠᠩᠰᠠ ᠡᠪᠬᠡᠮᠡᠯ ᠤᠨ ᠠᠵᠢᠯ ᠤᠨ ᠦᠨ᠎ᠡ ᠥᠷᠲᠡᠭ ᠢ ᠣᠶᠢᠯᠠᠭᠠᠭᠤᠯᠵᠤ᠂ ᠪᠥᠬᠦ ᠨᠡᠶᠢᠭᠡᠮ ᠤᠨ ᠬᠢᠨ ᠤ ᠲᠠᠩᠰᠠ | ᠡᠪᠬᠡᠮᠡᠯ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠪᠠᠷ ᠵᠤᠷᠢᠯᠭ᠎ᠠ ᠪᠤᠯᠭᠠᠵᠠᠢ᠃ ᠬᠤᠶᠢᠰᠢᠳᠠ ᠪᠢᠳᠡ ᠪᠠᠰᠠ | ᠲᠠᠩᠰᠠ ᠡᠪᠬᠡᠮᠡᠯ ᠤᠨ ᠰᠣᠶᠣᠯ ᠢ ᠤᠯᠠᠮᠵᠢᠯᠠᠬᠤ᠂ ᠲᠠᠩᠰᠠ ᠡᠪᠬᠡᠮᠡᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠢᠯᠯᠠᠭᠠᠨ ᠤ ᠬᠡᠯᠪᠡᠷᠢ ᠶᠢ ᠲᠠᠰᠤᠷᠠᠯᠳᠠ ᠦᠬᠡᠢ ᠰᠢᠨᠡᠴᠢᠯᠡᠨ᠂ | ᠲᠠᠩᠰᠠ ᠡᠪᠬᠡᠮᠡᠯ ᠤᠨ ᠦᠢᠯᠡᠰ ᠬᠢᠭᠡᠳ ᠨᠡᠶᠢᠭᠡᠮ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ | ᠲᠠᠩᠰᠠ ᠡᠪᠬᠡᠮᠡᠯ ᠢ ᠣᠯᠠᠨ ᠲᠦᠮᠡᠨ ᠳᠤ ᠤᠯᠠᠮ ᠰᠠᠶᠢᠨ ᠦᠢᠯᠡᠴᠢᠯᠡᠬᠦᠯᠦᠨ᠂ ᠶᠡᠭᠡ ᠲᠠᠯ᠎ᠠ ᠳᠤ ᠤᠯᠠᠮ ᠰᠠᠶᠢᠨ | ᠦᠢᠯᠡᠴᠢᠯᠡᠬᠦᠯᠦᠨ᠎ᠡ︾ ᠬᠡᠯᠡ᠃ | ᠬᠤᠷᠴᠠ ᠰᠢᠷᠦᠭᠦᠨ ᠮᠥᠷᠦ᠋ᠢᠴᠡᠭᠡᠨ ᠢᠶᠠᠷ ᠲᠠᠮᠵᠢᠭᠠᠳ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ | ᠬᠢᠨ ᠲᠡᠷᠢᠬᠦᠡᠯᠵᠦ᠂ ᠵᠠᠮ ᠬᠠᠷᠢᠯᠴᠠᠭᠠᠨ ᠤ ᠲᠣᠪᠴᠢᠶ᠎ᠠ᠂ ᠶᠦᠩ ᠹᠧᠩ ᠪᠠᠯᠭᠠᠰᠤᠨ ᠤ ᠬᠢᠨ ᠲᠡᠳ᠋ᠯᠡᠨ᠂ ᠤᠯᠤᠰ | ᠲᠥᠷᠥ ᠶᠢᠨ ᠵᠥᠪᠯᠡᠯᠭᠡᠨ᠂ ᠲᠤᠭᠤᠷᠢᠨ ᠪᠠᠶᠢᠴᠠᠭᠠᠬᠤ ᠠᠯᠪᠠᠨ ᠬᠡᠷ᠂ ᠪᠠᠶᠢᠴᠠᠭᠠᠬᠤ ᠬᠤᠷᠢᠶᠠᠨ ᠤ ᠬᠢᠨ | ᠭᠤᠷᠪᠠᠳᠤᠭᠠᠷ ᠲᠤ ᠤᠷᠤᠵᠠᠢ᠃ | ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠠᠵᠢᠯᠳᠠᠨ ᠸᠧᠨ ᡁᠢ ᠳ᠋ᠦᠸᠧ᠄ ︽ᠤᠷᠤᠯᠳᠤᠭᠠᠨ ᠳᠤ | ᠲᠡᠷᠢᠬᠦᠯᠡᠭᠡᠳ ᠮᠠᠰᠢ ᠪᠠᠶᠠᠷ ᠲᠠᠢ ᠪᠠᠶᠢᠨ᠎ᠠ ᠂ ᠤᠷᠤᠯᠳᠤᠭᠠᠨ ᠳᠤ ᠣᠷᠣᠯᠴᠠᠬᠤ ᠪᠠᠷ ᠲᠠᠮᠵᠢᠭᠠᠳ ᠪᠢ ᠲᠠᠩᠰᠠ | ᠡᠪᠬᠡᠮᠡᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠤᠯᠤᠯ᠎ᠠ᠂ ᠬᠤᠶᠢᠰᠢᠳᠠ ᠦᠷᠭᠦᠯᠵᠢᠯᠡᠨ ᠰᠤᠷᠤᠯᠴᠠᠵᠤ᠂ | ᠲᠠᠩᠰᠠ ᠡᠪᠬᠡᠮᠡᠯ ᠤᠨ ᠦᠢᠯᠡᠰ ᠲᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠰᠡᠳᠬᠢᠯ ᠳᠣᠭᠳᠣᠯᠤᠨ | ᠶᠠᠷᠢᠨ᠎ᠠ᠃ | ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠠᠴᠠ | ᠭᠤᠤᠯᠯᠠᠨ ᠡᠷᠭᠢᠯᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠵᠠᠯᠠᠭᠤᠴᠤᠳ ᠪᠠᠭᠠᠴᠤᠳ ᠤᠨ | ᠬᠦᠳᠡᠯᠪᠦᠷᠢ ᠠᠵᠢᠯᠯᠠᠭᠠᠨ ᠤ ᠲᠥᠪ ᠠᠴᠠ ᠳᠠᠭᠠᠭᠠᠴᠢᠯᠠᠨ ᠡᠷᠬᠢᠯᠡᠭᠰᠡᠨ ᠡᠨᠡ ᠤᠳᠠᠭᠠᠨ ᠤ ᠠᠵᠢᠯᠯᠠᠭ᠎ᠠ ᠨᠢ | ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠬᠡᠷᠡᠭᠯᠡᠯᠲᠡ ᠶᠢ ᠠᠬᠢᠭᠤᠯᠤᠨ᠂ ᠦᠷᠭᠡᠨ | ᠤᠯᠠᠨ ᠺᠠᠳ᠋ᠷ ᠠᠵᠢᠯᠲᠠᠨ ᠤ ᠲᠠᠩᠰᠠ ᠡᠪᠬᠡᠮᠡᠯ ᠤᠨ ᠮᠡᠳᠡᠯᠭᠡ ᠶᠢ ᠰᠤᠷᠤᠯᠴᠠᠬᠤ ᠤᠷᠮ᠎ᠠ ᠵᠤᠷᠢᠭ ᠢ ᠲᠠᠶᠢᠴᠢᠯᠠᠭᠰᠠᠨ | ᠢᠶᠠᠷ ᠪᠠᠷᠠᠬᠤ ᠥᠬᠡᠶ᠂ ᠪᠥᠬᠦ ᠬᠤᠰᠢᠭᠤᠨ ᠤ ᠲᠠᠩᠰᠠ ᠡᠪᠬᠡᠮᠡᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠬᠦᠴᠦᠨ ᠨᠡᠮᠡᠷᠢᠯᠡᠵᠦ᠂ ᠲᠠᠩᠰᠠ ᠡᠪᠬᠡᠮᠡᠯ ᠤᠨ ᠰᠣᠶᠣᠯ ᠢ ᠰᠢᠨ᠎ᠡ ᠠᠮᠢᠵᠢᠷᠠᠯ ᠤᠨ ᠬᠦᠴᠦᠨ ᠲᠠᠢ | ᠪᠤᠯᠭᠠᠨ᠂ ᠲᠡᠤᠬᠡ ᠰᠤᠶᠤᠯ ᠢ ᠤᠯᠠᠮᠵᠢᠨ ᠬᠠᠮᠠᠭᠠᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ | ᠪᠠᠶᠢᠨ᠎ᠠ᠃ |