ᠱᠣᠤ ᠬᠠᠶ ᠰᠢᠤᠢ ᠵᠡᠷᠭᠡ ᠬᠦᠮᠦᠰ ᠬᠦᠨᠪᠤᠯᠠᠭ ᠰᠤᠮᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/6/20
   6 ᠰᠠᠷ᠎ᠠ ᠶᠢᠨ 17 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠣᠤ ᠬᠠᠶ ᠰᠢᠤᠢ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠪᠠ ᠰᠤᠷᠤᠯᠴᠠᠯᠭ᠎ᠠ ᠶᠢᠨ ᠵᠥᠪᠯᠡᠯ ᠤᠨ ᠡᠷᠬᠢᠯᠡᠭᠴᠢ ᠯᠢᠨ ᠵᠠᠨ ᠵᠢᠶᠦ᠋ᠨ᠂ ᠠᠶᠢᠮᠠᠭ ᠤᠨ ᠡᠳ᠋ ᠤᠨ ᠵᠠᠰᠠᠭ ᠤᠨ ᠲᠤᠪᠴᠢᠶᠠᠨ ᠤ ᠳᠡᠳ᠋ ᠳᠠᠷᠤᠭ᠎ᠠ ᠯᠢᠦ ᡁᠢ ᠬᠤᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠳᠡᠳ᠋ ᠳᠠᠷᠤᠭ᠎ᠠ ᠰᠢᠤᠢ ᡁᠢ ᠭᠠᠩ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠳᠡᠳ᠋ ᠳᠠᠷᠤᠭ᠎ᠠ ᠰᠢᠯᠢᠩᠭᠤᠸ᠎ᠠ᠂  ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠵᠠᠨ ᠪᠦᠦ᠂  ᠳᠡᠳ᠋ ᠲᠡᠷᠢᠭᠦᠯᠡᠭᠴᠢ ᠵᠣᠣ ᠵᠢᠶᠠᠨ ᠳ᠋ᠦᠩ ᠵᠡᠷᠭᠡ ᠬᠦᠮᠦᠰ ᠬᠦᠨᠪᠤᠯᠠᠭ ᠰᠤᠮᠤᠨ ᠳᠤ ᠬᠦᠨᠵᠡᠬᠡᠶᠢᠷᠡᠵᠦ᠂ ᠬᠤᠪᠢᠰᠬᠠᠯ ᠤᠨ ᠰᠣᠶᠣᠯ ᠤᠨ ᠬᠠᠭᠤᠴᠢ ᠪᠠᠭᠤᠷᠢ ᠳᠤ ᠪᠠᠶᠢᠴᠠᠭᠠᠨ ᠰᠤᠳᠤᠯᠤᠯᠲᠠ  ᠬᠢᠵᠡᠢ᠃ ᠭᠦᠨᠪᠤᠯᠠᠭ ᠰᠤᠮᠤᠨ ᠤ ᠨᠠᠮ ᠤᠨ ᠬᠤᠷᠢᠶᠠᠨ ᠤ ᠱᠦᠵᠢ ᠼᠤᠤ ᠰᠢᠶᠤᠤ ᠬᠤᠶ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠶᠠᠷ ᠪᠠᠷ᠎ᠠ ᠪᠤᠯᠵᠤ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠦᠰᠧ ᠵᠡᠭᠦᠨ ᠭᠠᠷ ᠬᠤᠰᠢᠭᠤ ᠶᠠᠮᠤᠨ ᠤ ᠪᠠᠭᠤᠷᠢ ᠶᠢᠨ ᠦᠨᠳᠦᠰᠦᠨ ᠪᠠᠶᠢᠳᠠᠯ ᠪᠣᠯᠣᠨ ᠬᠠᠮᠢᠶ᠎ᠠ ᠪᠦᠬᠦᠢ ᠲᠡᠦᠬᠡᠨ ᠬᠡᠷᠡᠭ ᠶᠠᠪᠤᠳᠠᠯ ᠢ ᠨᠠᠷᠢᠨ ᠤᠶᠢᠯᠠᠭᠠᠵᠤ᠂ ᠬᠠᠮᠠᠭᠠᠯᠠᠯᠲᠠ ᠪᠠ ᠠᠰᠢᠭᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠠᠶᠢᠨ᠎ᠠ᠃ ᠱᠤᠤ ᠬᠠᠢ ᠰᠢᠤᠢ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠲᠡᠦᠭᠡ ᠰᠤᠶᠤᠯ ᠤᠨ ᠡᠬᠢ ᠪᠠᠶᠠᠯᠢᠭ ᠢ ᠰᠠᠶᠢᠳᠤᠷ ᠠᠰᠢᠭᠯᠠᠨ᠂ ᠵᠢᠭᠤᠯᠴᠢᠯᠠᠯ ᠤᠨ ᠦᠢᠯᠡᠴᠢᠯᠡᠭᠡ ᠪᠣᠯᠤᠨ ᠬᠠᠩᠭᠠᠯᠭ᠎ᠠ ᠶᠢᠨ ᠳᠠᠯᠳᠠ ᠬᠦᠴᠦᠨ ᠢ ᠬᠦᠨ ᠠᠭᠤᠳᠠᠯᠵᠤ᠂ ᠵᠢᠭᠤᠯᠴᠢᠯᠠᠯ ᠤᠨ ᠰᠢᠨ᠎ᠡ ᠵᠠᠭᠪᠤᠷ ᠢ ᠰᠦᠪᠡᠭᠴᠢᠯᠡᠨ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠵᠦ ᠪᠠᠶᠢᠭ᠎ᠠ ᠲᠡᠷᠢᠭᠦᠨ ᠤ ᠭᠠᠵᠠᠷ ᠣᠷᠣᠨ ᠤ ᠰᠠᠶᠢᠨ ᠠᠷᠭ᠎ᠠ ᠲᠤᠷᠰᠢᠯᠭ᠎ᠠ ᠶᠢ ᠢᠳᠡᠪᠬᠢᠲᠡᠢ ᠰᠤᠷᠤᠯᠴᠠᠵᠤ᠂ ᠬᠠᠭᠤᠴᠢ ᠪᠠᠭᠤᠷᠢ ᠶᠢ ᠨᠡᠭᠡᠭᠡᠨ ᠠᠰᠢᠭᠯᠠᠬᠤ ᠶᠠᠪᠤᠴᠠ ᠳᠤ ᠣᠷᠣᠰᠢᠵᠤ ᠪᠠᠶᠢᠭ᠎ᠠ ᠲᠥᠯᠥᠪᠵᠢᠭᠦᠯᠭᠡ ᠬᠦᠷᠦᠯᠴᠡᠬᠦ ᠦᠭᠡᠢ᠂ ᠲᠦᠬᠦᠷᠵᠢᠬᠦᠯᠦᠯᠳᠡ ᠬᠤᠴᠤᠷᠤᠩᠭᠤᠢ ᠵᠡᠷᠭᠡ ᠠᠰᠠᠭᠤᠳᠠᠯ ᠢ  ᠪᠦᠳᠦᠮᠵᠢᠳᠡᠢ ᠰᠢᠢᠳᠪᠦᠷᠢᠯᠡᠨ᠂ ᠬᠤᠪᠢᠰᠬᠠᠯ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号