ᠶᠦᠩ ᠹᠧᠩ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ  ᠶᠢᠨ ᠰᠤᠷᠤᠯᠴᠠᠯᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2025/6/20
    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠶ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ  ᠬᠦᠨᠵᠡᠬᠡᠶᠢᠷᠡᠵᠦ ᠪᠣᠳᠠᠲᠠᠶᠢᠵᠢᠬᠤ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 18 ᠤ ᠡᠳᠦᠷ ᠶᠦᠩ ᠹᠧᠩ ᠪᠠᠯᠭᠠᠰᠤᠨ ᠤ ᠨᠠᠮ ᠤᠨ ᠬᠤᠷᠢᠶ᠎ᠠ ᠨᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ 7 ᠳ᠋ᠤᠭᠠᠷ  ᠤᠳᠠᠭᠠᠨ ᠤ  ᠬᠠᠮᠳᠤ ᠶᠢᠨ ᠰᠤᠷᠤᠯᠴᠠᠯᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂  ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠬᠤᠷᠠᠯ ᠳᠤ ᠣᠷᠣᠯᠴᠠᠪᠠ᠃ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠱᠧᠩ ᠬᠤᠷᠠᠯ ᠢ ᠡᠷᠭᠢᠯᠡᠵᠦ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠣᠣ ᠮᠧᠶ ᠯᠢ ᠬᠤᠷᠠᠯ ᠳᠤ ᠤᠷᠤᠯᠴᠠᠵᠤ ᠵᠢᠭᠠᠨ ᠵᠢᠯᠤᠭᠤᠳᠴᠠᠢ᠃ ᠬᠤᠷᠠᠯ ᠲᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯᠠᠪᠠᠷ ᠪᠠᠶᠢᠭᠤᠯᠬᠤ ᠶᠢ ᠠᠬᠢᠭᠤᠯᠬᠤ ᠲᠦᠷᠢᠮ︾᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠪᠣᠯᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠨᠡᠶᠢᠲᠡᠯᠢᠭ ᠬᠡᠷᠡᠭ ᠤᠨ ᠵᠢᠱᠢᠶᠡᠨ ᠤ ᠲᠤᠬᠠᠢ ᠮᠡᠳᠡᠭᠡᠯᠡᠯ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ  ᠪᠦᠭᠡᠳ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠣᠭᠤᠷᠢᠨ ᠳᠤ ᠦᠵᠡᠯ ᠰᠠᠨᠠᠭ᠎ᠠ ᠣᠨᠣᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠰᠤᠳᠤᠯᠤᠨ ᠶᠠᠷᠢᠯᠴᠠᠪᠠ᠃ ᠵᠣᠣ ᠮᠧᠶ ᠯᠢ ᠡᠨᠡ ᠤᠳᠠᠭᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠭᠦᠢᠴᠡᠳ ᠨᠤᠳᠠᠯᠠᠭᠰᠠᠨ ᠤ ᠬᠠᠮᠲᠤ ᠭᠤᠷᠪᠠᠨ ᠲᠠᠯ᠎ᠠ ᠶᠢᠨ ᠱᠠᠭᠠᠷᠳᠠᠯᠭ᠎ᠠ ᠲᠤᠷᠠᠳᠴᠠᠢ᠃ ᠲᠤᠬᠠᠶᠢᠯᠠᠪᠠᠯ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠨᠢᠭᠡᠳᠦᠯᠲᠡᠢ ᠲᠦᠯᠦᠪᠵᠢᠬᠦᠯᠬᠡ ᠬᠢᠬᠦ ᠶᠢ ᠴᠢᠩᠭᠠᠳᠬᠠᠨ᠂ ᠰᠤᠷᠤᠯᠴᠠᠯᠭ᠎ᠠ ᠶᠢᠨ ᠰᠡᠳᠬᠢᠴᠡ ᠪᠠ ᠠᠷᠭ᠎ᠠ   ᠪᠠᠨ ᠲᠠᠰᠤᠷᠠᠯᠳᠠ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠬᠤᠶᠠᠷ ᠲᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠲᠦᠷᠢᠮ ᠢ ᠴᠢᠩᠭᠠᠳᠬᠠᠵᠤ᠂  ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠤᠯᠤᠰ ᠲᠦᠷᠦ ᠶᠢᠨ ᠰᠤᠷᠤᠯᠴᠠᠯᠭ᠎ᠠ ᠪᠠᠷ ᠦᠨᠳᠦᠰᠦ ᠪᠣᠯᠭᠠᠬᠤ ᠬᠡᠷᠡᠭᠲᠡᠢ᠃ ᠭᠤᠷᠪᠠ ᠳᠤ ᠤᠨᠤᠯ ᠢ ᠪᠤᠳᠠᠳᠠᠢ ᠲᠠᠢ ᠤᠶᠠᠯᠳᠤᠭᠤᠯᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠨ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠵᠤ᠂ ︽ᠰᠤᠷᠤᠯᠴᠠᠬᠤ ᠶᠢᠨ ᠳᠤᠮᠳᠠ ᠠᠵᠢᠯᠯᠠᠵᠤ᠂ ᠠᠵᠢᠯᠯᠠᠬᠤ  ᠶᠢᠨ ᠲᠤᠮᠳᠠ ᠰᠤᠷᠤᠯᠴᠠᠬᠤ︾   ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠤᠨ ᠲᠡᠬᠦᠰᠬᠡᠯ ᠳᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠱᠧᠩ ᠵᠢᠭᠠᠵᠤ ᠭᠠᠷᠭᠠᠬᠤ ᠳᠠᠭᠠᠨ᠂  ᠤᠯᠠᠨ ᠢᠶᠠᠷ ᠢᠶᠠᠨ ᠡᠨᠡ ᠤᠳᠠᠭᠠᠨ ᠤ ᠰᠤᠷᠤᠯᠴᠠᠯᠭ᠎ᠠ ᠶᠢᠨ ᠬᠤᠷᠠᠯ ᠢᠶᠠᠷ ᠠᠵᠠ ᠲᠣᠬᠢᠶᠠᠯ ᠪᠤᠯᠭᠠᠨ᠂ ᠣᠨᠣᠯ  ᠤᠨ ᠵᠡᠪᠰᠡᠭᠯᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠲᠦᠷᠢᠮ ᠢ ᠲᠠᠰᠤᠷᠠᠯᠲᠠ ᠥᠬᠡᠶ ᠲᠡᠬᠦᠯᠳᠡᠷᠵᠢᠬᠦᠯᠦᠨ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠵᠤ᠂ ᠡᠬᠦᠷᠭᠡ ᠬᠠᠷᠢᠭᠤᠯᠴᠠᠭ ᠠᠵᠢ ᠨᠠᠶᠢᠳᠠᠪᠤᠷᠢᠵᠢᠭᠤᠯᠤᠨ᠂  ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠲᠣᠭᠤᠷᠢᠨ ᠰᠣᠨᠣᠰᠬᠤ ᠳᠤᠭᠤᠶᠢᠯᠠᠩ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠣᠨᠣᠯ ᠤᠨ ᠰᠤᠷᠤᠯᠴᠠᠯᠭ᠎ᠠ ᠶᠢ ᠮᠠᠨ ᠤ ᠪᠠᠯᠭᠠᠰᠤᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠤᠶᠠᠯᠳᠤᠭᠤᠯᠤᠨ᠂ ᠡᠯ᠎ᠡ ᠲᠦᠷᠦᠯ ᠤᠨ ᠠᠵᠢᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ ᠲᠠᠨᠢᠬᠤ ᠶᠢᠨ ᠬᠠᠮᠲᠤ᠂ ᠲᠡᠭᠦᠨ ᠢ ᠪᠦᠬᠦ ᠪᠠᠯᠭᠠᠰᠤᠨ ᠤ ᠡᠯ᠎ᠡ ᠲᠦᠷᠦᠯ ᠤᠨ ᠠᠵᠢᠯ ᠲᠡᠭᠡᠷ᠎ᠡ ᠲᠤᠤᠱᠯᠠᠭᠤᠯᠬᠤ ᠭᠤᠣᠯ ᠱᠤᠭᠤᠮ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠦᠭᠵᠢᠯᠳᠡ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ  ᠰᠠᠶᠢᠵᠢᠷᠠᠭᠤᠯᠤᠯᠳᠠ ᠵᠡᠷᠭᠡ ᠡᠯ᠎ᠡ ᠬᠦᠷᠢᠶ᠎ᠡ ᠴᠠᠷᠠᠭᠠᠨ ᠳᠤ ᠠᠭᠤᠰᠤᠯᠴᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ  ᠶᠢᠨ ᠪᠠᠶᠢᠷᠢᠯᠠᠭᠤᠯᠤᠯᠲᠠ ᠶᠢ ᠮᠠᠨ ᠤ ᠪᠠᠯᠭᠠᠰᠤᠨ ᠳᠤ ᠳᠠᠭᠠᠨ ᠦᠨᠳᠦᠰᠦᠯᠡᠭᠦᠯᠬᠦ ᠬᠡᠷᠡᠭᠲᠡᠢ ᠭᠡᠪᠡ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号