6 ᠰᠠᠷ᠎ᠠ ᠶᠢᠨ 20 ᠤ ᠡᠳᠦᠷ᠂ ᠰᠢᠩ ᠹᠦ᠋ ᠰᠢᠶᠠᠩ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ | ᠵᠠᠰᠠᠯᠲᠠ ᠶᠢᠨ ᠲᠥᠪ ᠨᠢ ︽ᠨᠡᠭᠡᠭᠡᠯᠳᠡᠳᠦ ᠡᠳᠦᠷ︾ ᠤᠨ ᠠᠵᠢᠯᠯᠠᠭ᠎ᠠ ᠦᠷᠨᠢᠬᠦᠯᠵᠦ᠂ ᠰᠢᠶᠠᠩ ᠤᠨ ᠤᠯᠤᠰ ᠲᠦᠷᠦ | ᠬᠠᠤᠯᠢ ᠴᠠᠭᠠᠵᠠ ᠶᠢᠨ ᠭᠡᠰᠢᠭᠦᠨ ᠯᠢᠦ ᠬᠤᠸᠠᠨ ᠴᠢᠩ ᠠᠵᠢᠯᠯᠠᠭ᠎ᠠ ᠶᠢ ᠡᠷᠬᠢᠯᠡᠨ᠂ ᠲᠣᠮᠢᠯᠠᠭᠰᠠᠨ ᠰᠠᠯᠪᠤᠷᠢ᠂ ᠬᠠᠤᠯᠢ | ᠴᠠᠭᠠᠵᠠ ᠶᠢᠨ ᠭᠠᠵᠠᠷ ᠵᠢᠴᠢ ᠰᠠᠯᠪᠤᠷᠢ ᠪᠠ ᠶᠡᠷᠦᠩᠬᠡᠶᠢᠯᠡᠨ ᠵᠠᠰᠠᠬᠤ ᠲᠥᠪ ᠤᠨ ᠺᠠᠳ᠋ᠷ ᠠᠵᠢᠯᠳᠠᠳ᠂ ᠡᠯ᠎ᠡ | ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ ᠂ ᠤᠯᠠᠨ ᠲᠦᠮᠡᠨ ᠤ ᠲᠥᠯᠥᠭᠡᠯᠡᠭᠴᠢ ᠵᠡᠷᠭᠡ ᠭᠤᠴᠢᠭᠠᠳ | ᠬᠥᠮᠦᠨ ᠠᠵᠢᠯᠯᠠᠭ᠎ᠠ ᠳᠤ ᠤᠷᠤᠯᠴᠠᠪᠠ᠃ ᠤᠯᠠᠨ ᠢᠶᠠᠷ ᠢᠶᠠᠨ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠲᠤ | ᠬᠦᠷᠴᠦ᠂ ᠴᠢᠳᠠᠮᠵᠢ ᠶᠢᠨ ᠪᠠᠶᠢᠷᠢᠰᠢᠭᠤᠯᠤᠯᠲᠠ᠂ ᠴᠤᠩᠬᠤᠪᠴᠢ ᠶᠢᠨ ᠲᠤᠬᠢᠷᠠᠭᠤᠯᠤᠯᠳᠠ᠂ ᠠᠵᠢᠯ ᠬᠦᠢᠴᠡᠳᠭᠡᠬᠦ | ᠶᠠᠪᠤᠴᠠ ᠵᠡᠷᠭᠡ ᠶᠢ ᠲᠣᠭᠤᠷᠢᠨ ᠦᠵᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠪᠣᠳᠠᠲᠤ ᠦᠷ᠎ᠡ | ᠪᠦᠲᠦᠮᠵᠢ ᠶᠢ ᠤᠶᠢᠷ᠎ᠠ ᠵᠠᠢ ᠠᠴᠠ ᠤᠶᠢᠯᠠᠭᠠᠭᠰᠠᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠯᠢᠦ ᠬᠤᠸᠠᠨ ᠴᠢᠩ | ᠠᠴᠠ ᠶᠡᠷᠦᠩᠬᠡᠶᠢᠯᠡᠨ ᠵᠠᠰᠠᠬᠤ ᠲᠥᠪ ᠤᠨ ᠲᠦᠷᠢᠮᠵᠢᠭᠰᠡᠨ ᠪᠠᠶᠢᠭᠤᠯᠤᠯᠲᠠ᠂ ᠲᠣᠣᠷᠵᠢᠭᠤᠯᠤᠭᠰᠠᠨ ᠬᠠᠮᠢᠶᠠᠷᠤᠯᠲᠠ᠂ | ᠠᠮᠤᠷ ᠲᠦᠪᠰᠢᠨ ᠤ ᠪᠠᠶᠢᠭᠤᠯᠤᠯᠳᠠ ᠵᠡᠷᠭᠡ ᠠᠵᠢᠯ ᠤᠨ ᠲᠤᠬᠠᠢ ᠨᠠᠷᠢᠨ ᠲᠤᠳᠤᠷᠬᠠᠢ ᠬᠠᠷᠢᠭᠤ ᠮᠡᠳᠡᠭᠦᠯᠦᠯᠲᠡ ᠬᠢᠵᠡᠢ᠃ | ᠬᠤᠷᠠᠯ ᠳᠤ ᠣᠷᠣᠯᠴᠠᠭᠰᠠᠳ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ᠂ ᠠᠵᠢᠯᠲᠠᠨ ᠤ ᠪᠣᠯᠪᠠᠰᠤᠷᠠᠯ ᠢ | ᠴᠢᠩᠭᠠᠳᠬᠠᠬᠤ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠢᠳᠡᠪᠬᠢᠲᠡᠶ ᠪᠠᠷ ᠶᠠᠷᠢᠶ᠎ᠠ ᠲᠠᠯᠪᠢᠵᠠᠭᠠᠪᠠ᠃᠂ | ᠶᠠᠷᠢᠯᠴᠠᠭ᠎ᠠ ᠳᠠᠭᠤᠰᠤᠭᠰᠠᠨ ᠤ ᠳᠠᠷᠠᠭ᠎ᠠ ᠰᠠᠨᠠᠯ ᠬᠤᠷᠢᠶᠠᠬᠤ ᠵᠠᠬᠢᠳᠠᠯ ᠢ 28 ᠬᠤᠪᠢ ᠲᠠᠷᠬᠠᠭᠠᠵᠤ᠂ ᠠᠬᠤᠢ | ᠲᠠᠯᠠᠪᠠᠢ ᠳᠤ 3 ᠵᠤᠷᠪᠤᠰ ᠰᠠᠨᠠᠯ ᠰᠠᠨᠠᠭᠤᠯᠭ᠎ᠠ ᠶᠢ ᠬᠤᠷᠢᠶᠠᠭᠠᠳ᠂ ᠬᠤᠶᠢᠰᠢᠳᠠ ᠶᠢᠨ ᠠᠵᠢᠯ ᠢᠶᠠᠨ ᠰᠠᠶᠢᠵᠢᠷᠠᠭᠤᠯᠬᠤ᠂ | ᠦᠢᠯᠡᠴᠢᠯᠡᠭᠡ ᠪᠠᠨ ᠳᠡᠭᠡᠭᠰᠢᠯᠡᠭᠦᠯᠬᠦ ᠳᠤ ᠬᠥᠳᠡᠯᠭᠡᠬᠦ ᠬᠦᠴᠦᠨ ᠬᠠᠩᠭᠠᠵᠠᠢ᠃ ︽ ᠨᠡᠭᠡᠭᠡᠯᠳᠡᠳᠦ ᠡᠳᠦᠷ︾ ᠤᠨ | ᠠᠵᠢᠯᠯᠠᠭ᠎ᠠ ᠨᠢ ᠨᠢᠭᠡ ᠤᠳᠠᠭᠠᠨ ᠤ ᠠᠵᠢᠯ ᠤᠨ ᠦᠵᠡᠭᠦᠯᠦᠯᠭᠡ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ | ᠤᠳᠠᠭᠠᠨ ᠤ ᠵᠠᠰᠠᠯᠲᠠ ᠶᠢᠨ ᠣᠶᠢᠯᠠᠭᠠᠭᠳᠠᠬᠤᠨ ᠤ ᠭᠦᠨᠵᠡᠭᠡᠶᠢᠷᠡᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ | ᠰᠢᠩ ᠹᠦ᠋ ᠰᠢᠶᠠᠩ ᠨᠢ ᠡᠨᠡ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠲᠣᠭᠲᠠᠮᠠᠯ | ᠬᠤᠭᠤᠴᠠᠭ᠎ᠠ ᠲᠠᠢ ᠨᠡᠭᠡᠭᠡᠯᠲᠡ + ᠬᠡᠪ ᠤᠨ ᠤᠬᠠᠭᠤᠯᠭ᠎ᠠ︾ ᠶᠢᠨ ᠲᠣᠭᠲᠠᠴᠠ ᠶᠢ ᠪᠠᠶᠢᠭᠤᠯᠤᠨ᠂ ᠸᠥᠴᠠᠲ | ᠲᠠᠪᠴᠠᠩ ᠢᠶᠠᠷ ᠨᠡᠶᠢᠲᠡᠯᠢᠭ ᠬᠡᠷᠡᠭ ᠤᠨ ᠵᠢᠱᠢᠶ᠎ᠡ ᠶᠢ ᠮᠡᠳᠡᠭᠳᠡᠬᠦ᠂ ︽ᠶᠡᠷᠦᠩᠬᠡᠶᠢᠯᠡᠭᠰᠡᠨ ᠵᠠᠰᠠᠯᠳᠠ ᠶᠢ ᠲᠣᠣᠷᠵᠢᠯ ᠳᠤ | ᠣᠷᠣᠭᠤᠯᠬᠤ︾ ᠤᠬᠠᠭᠤᠯᠭ᠎ᠠ ᠲᠠᠶᠢᠯᠤᠮᠵᠢ ᠶᠢᠨ ᠠᠷᠭ᠎ᠠ ᠬᠡᠯᠪᠡᠷᠢ ᠪᠠᠷ ᠶᠡᠷᠦᠩᠬᠡᠶᠢᠯᠡᠨ ᠵᠠᠰᠠᠬᠤ ᠲᠥᠪ ᠤᠨ | ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠤᠯᠠᠨ ᠲᠦᠮᠡᠨ ᠤ ︽ᠵᠥᠷᠢᠴᠡᠯ ᠵᠢᠭᠤᠷᠠᠭᠠᠨ ᠭᠠᠷᠪᠠᠯ | ᠶᠡᠷᠦᠩᠬᠡᠶᠢᠯᠡᠨ ᠵᠠᠰᠠᠬᠤ ᠲᠥᠪ ᠢ ᠡᠷᠢᠬᠦ︾ ᠤᠬᠠᠮᠰᠠᠷ ᠢ ᠪᠤᠢ ᠪᠤᠯᠭᠠᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠠᠮᠤᠷ ᠲᠦᠪᠰᠢᠨ ᠤ ᠪᠠᠳᠤᠯᠠᠭ᠎ᠠ ᠬᠠᠩᠭᠠᠬᠤ ᠪᠠᠷ ᠪᠠᠶᠢᠨ᠎ᠠ᠃ |