ᠣᠯᠠᠨ ᠰᠠᠯᠠᠭ᠎ᠠ ᠮᠥᠴᠢᠷ ᠬᠠᠮᠳᠤᠷᠠᠵᠤ ︽ᠰᠦᠨ ᠨᠠᠭᠤᠷ︾᠎ ᠤᠨ ᠬᠦᠪᠡᠭᠡᠨ ᠤ ᠡᠵᠡᠩᠨᠡᠯᠲᠡ ᠶᠢᠨ ᠳᠢᠭᠯᠢᠮ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/6/25
   ︽ᠰᠦᠨ ᠨᠠᠭᠤᠷ ︾᠎ ᠤᠨ ᠦᠵᠡᠮᠵᠢ ᠶᠢᠨ ᠣᠷᠣᠨ ᠤ ᠳᠦᠷᠢ ᠲᠥᠷᠬᠦ ᠶᠢ ᠤᠯᠠᠮ ᠰᠠᠶᠢᠵᠢᠷᠠᠭᠤᠯᠵᠤ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠡᠮᠬᠢ ᠲᠢᠭᠯᠡᠮ ᠲᠠᠢ᠂ ᠠᠮᠤᠷ ᠲᠦᠪᠰᠢᠨ᠂ ᠰᠠᠨᠠᠭ᠎ᠠ ᠠᠮᠤᠷ ᠵᠢᠭᠤᠯᠴᠢᠯᠠᠯ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 21᠎ ᠤ ᠡᠳᠦᠷ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠳᠤᠷᠠᠵᠤ᠂ ︽ᠰᠦᠨ ᠨᠠᠭᠤᠷ︾᠎ ᠤᠨ ᠬᠥᠪᠡᠭᠡᠨ ᠎ ᠳᠠᠬᠢ  ᠲᠦᠷᠢᠮ ᠲᠣᠭᠲᠠᠭᠠᠯ ᠠᠴᠠ ᠵᠥᠷᠢᠴᠡᠨ ᠡᠵᠡᠩᠨᠡᠯᠳᠡ ᠬᠢᠵᠦ ᠪᠠᠶᠢᠭ᠎ᠠ ᠬᠤᠳᠠᠯᠳᠤᠭᠠᠨ ᠤ ᠡᠷᠦᠬᠡ ᠳᠤ ᠲᠦᠪᠯᠡᠷᠡᠭᠰᠡᠨ ᠴᠡᠭᠴᠡᠯᠡᠯᠳᠡ ᠬᠢᠵᠡᠢ᠃  ᠬᠠᠤᠯᠢ ᠭᠡᠷᠡᠭᠵᠢᠬᠦᠯᠬᠦ ᠠᠵᠢᠯᠳᠠᠳ ᠠᠴᠠ ᠤᠷᠢᠳᠠᠪᠠᠷ ᠲᠤᠭᠳᠠᠭᠰᠠᠨ ᠬᠤᠭᠤᠴᠠᠭᠠᠨ ᠳᠤ ᠥᠪᠡᠰᠦᠪᠡᠨ ᠨᠤᠷᠠᠭᠠᠬᠤ ᠱᠠᠭᠠᠷᠳᠠᠯᠭ᠎ᠠ  ᠲᠠᠯᠪᠢᠵᠤ᠂ ᠬᠡᠷᠪᠡ ᠠᠯᠪᠠᠨ ᠠᠵᠢᠯ ᠳᠤ ᠬᠠᠮᠵᠢᠯᠴᠠᠬᠤ ᠦᠬᠡᠢ᠂  ᠨᠤᠷᠠᠭᠠᠵᠤ ᠨᠡᠬᠦᠯᠬᠡᠬᠦ ᠶᠢ ᠲᠡᠪᠴᠢᠪᠡᠯ ᠬᠠᠮᠢᠶ᠎ᠠ ᠪᠥᠬᠦᠶ ᠲᠦᠷᠢᠮ ᠲᠣᠭᠲᠠᠭᠠᠯ ᠤᠨ ᠲᠠᠭᠠᠤ ᠠᠯᠪᠠᠳᠠᠯᠭ᠎ᠠ ᠪᠠᠷ ᠨᠤᠷᠠᠭᠠᠵᠤ ᠨᠡᠬᠦᠯᠭᠡᠨ᠂ ᠬᠠᠤᠯᠢ ᠪᠤᠰᠤ ᠡᠵᠡᠩᠨᠡᠯᠳᠡ ᠶᠢᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠭᠰᠡᠨ ᠪᠠᠶᠢᠨ᠎ᠠ᠃ ᠦᠵᠡᠮᠵᠢ ᠶᠢᠨ ᠣᠷᠣᠨ ᠤ ᠡᠵᠡᠩᠨᠡᠯᠲᠡ ᠶᠢᠨ ᠡᠮᠬᠢ ᠳᠢᠭᠯᠢᠮ ᠢ ᠲᠦᠷᠢᠮᠵᠢᠬᠦᠯᠬᠦ ᠪᠣᠯ ᠨᠢᠭᠡᠨ ᠣᠷᠳᠣ ᠬᠤᠭᠤᠴᠠᠭᠠᠨ ᠤ ᠴᠢᠨᠠᠷᠲᠠᠶ᠂ ᠰᠢᠰᠲ᠋ᠧᠮᠲᠦ ᠴᠢᠨᠠᠷᠲᠠᠶ ᠠᠵᠢᠯ ᠪᠣᠯᠤᠨ᠎ᠠ᠃  ᠲᠠᠶᠢᠹᠤᠰᠧ ᠬᠤᠰᠢᠭᠤᠨ ᠤ ᠬᠢᠨ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠠᠰᠠᠭᠤᠳᠠᠯ ᠤᠨ ᠲᠠᠬᠢᠨ ᠡᠭᠦᠰᠬᠦ ᠶᠢ ᠰᠡᠷᠭᠡᠶᠢᠯᠡᠬᠦ ᠎ ᠶᠢᠨ ᠬᠠᠮᠲᠤ᠂ ᠡᠵᠡᠩᠨᠡᠭᠴᠢᠳ ᠢ ᠵᠢᠯᠤᠭᠤᠳᠤᠨ ᠦᠨᠡᠨᠴᠢ ᠢᠲᠡᠭᠡᠮᠵᠢᠲᠡᠢ᠂ ᠬᠠᠤᠯᠢ ᠶᠤᠰᠤᠭᠠᠷ ᠡᠵᠡᠩᠨᠡᠯᠳᠡ ᠬᠢᠯᠬᠡᠵᠦ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠴᠢᠨᠠᠭᠰᠢᠳᠠ ᠰᠠᠶᠢᠵᠢᠷᠠᠭᠤᠯᠤᠨ᠂  ᠬᠠᠮᠲᠤ ᠪᠠᠷ ᠴᠢᠷᠮᠠᠶᠢᠵᠤ ᠪᠠᠶᠢᠭᠠᠳ ︽ᠰᠦᠨ ᠨᠠᠭᠤᠷ ︾᠎ ᠤᠨ ᠨᠡᠷ᠎ᠡ ᠶᠢᠨ ᠬᠠᠭᠤᠳᠠᠰᠤ ᠶᠢ ᠠᠯᠳᠠᠷᠰᠢᠭᠤᠯᠵᠤ᠂  ᠵᠢᠭᠤᠯᠴᠢᠯᠠᠭᠴᠢᠳ ᠲᠤ ᠰᠠᠨᠠᠭ᠎ᠠ ᠠᠮᠤᠷ ᠰᠡᠳᠬᠢᠯ ᠲᠠᠭᠠᠯᠠᠮᠵᠢᠲᠠᠶ ᠰᠠᠶᠢᠨ ᠰᠠᠶᠢᠬᠠᠨ ᠤᠷᠴᠢᠨ ᠨᠦᠬᠦᠴᠡᠯ ᠢ ᠬᠠᠩᠭᠠᠵᠤ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号