ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2025/6/25
   6 ᠰᠠᠷ᠎ᠠ ᠶᠢᠨ 24᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᡁᠢ ᠭᠦᠸᠧ ᠶᠢ ᠤᠷᠢᠵᠤ ᠲᠤᠰᠬᠠᠶ ᠰᠡᠳᠦᠪᠲᠦ ᠬᠢᠴᠢᠶᠡᠯ ᠲᠠᠶᠢᠯᠤᠮᠵᠢ ᠬᠢᠯᠭᠡᠪᠡ᠃ ᠡᠨᠡ  ᠤᠳᠠᠭᠠᠨ ᠤ ᠪᠤᠯᠪᠠᠰᠤᠷᠠᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠣᠨᠣᠯ ᠤᠨ ᠪᠠᠶᠢᠷᠢ ᠰᠠᠭᠤᠷᠢ᠂ ᠣᠨᠣᠯ ᠤᠨ ᠥᠩᠭᠡᠷᠡᠯᠲᠡ᠂ ᠤᠨᠤᠯ ᠤᠨ ᠴᠢᠬᠤᠯᠠ  ᠠᠭᠤᠯᠭ᠎ᠠ᠂ ᠦᠢᠯᠡᠳᠦᠯᠭᠡ ᠶᠢᠨ ᠠᠷᠭ᠎ᠠ ᠵᠠᠮ ᠵᠡᠷᠭᠡ ᠳᠥᠷᠪᠡᠨ ᠲᠠᠯ᠎ᠠ ᠠᠴᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠭᠠᠳ᠂ ᠪᠥᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠮᠠᠰᠢ ᠴᠢᠩᠭ᠎ᠠ ᠵᠢᠯᠤᠭᠤᠳᠤᠯᠭ᠎ᠠ ᠶᠢᠨ ᠴᠢᠨᠠᠷ ᠲᠠᠢ ᠬᠢᠴᠢᠶᠡᠯ ᠪᠤᠯᠪᠠᠰᠤᠷᠠᠯ ᠪᠤᠯᠵᠠᠢ᠃ ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠵᠢᠯᠣᠭᠤᠳᠣᠯᠭ᠎ᠠ  ᠪᠤᠯᠭᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯ ᠦᠵᠡᠯ ᠤᠬᠠᠮᠰᠠᠷ ᠤᠨ ᠬᠡᠯᠪᠡᠷᠢ ᠶᠢᠨ ᠨᠥᠯᠥᠭᠡᠯᠡᠬᠦ ᠬᠦᠴᠦᠨ᠂ ᠨᠢᠭᠲᠠᠷᠠᠯ ᠤᠨ ᠬᠦᠴᠦᠨ᠂  ᠲᠠᠭᠠᠭᠤᠯᠭ᠎ᠠ ᠶᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠶᠠᠷᠢᠶ᠎ᠠ ᠬᠡᠯᠡᠯᠴᠡᠭᠡ ᠤᠬᠠᠭᠤᠯᠭ᠎ᠠ ᠶᠢᠨ ᠰᠠᠭᠤᠷᠢᠨ ᠭᠠᠵᠠᠷ ᠢ ᠰᠠᠶᠢᠲᠤᠷ ᠬᠠᠮᠢᠶᠠᠷᠴᠤ᠂ ᠮᠡᠳᠡᠭᠡ ᠵᠠᠩᠭᠢ ᠨᠡᠶᠢᠲᠡᠯᠡᠬᠦ ︽ᠭᠤᠷᠪᠠᠨ ᠬᠢᠨᠠᠯᠲᠠ︾᠎ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠤᠬᠠᠭᠤᠯᠭ᠎ᠠ ᠶᠢᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ ᠵᠦᠪ ᠡᠨᠧᠷᠬᠢ ᠶᠢ ᠢᠳᠡᠪᠬᠢᠲᠡᠢ ᠲᠠᠮᠵᠢᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠬᠢᠴᠠ ᠠᠮᠵᠢᠯᠳᠠ᠂ ᠰᠢᠨ᠎ᠡ ᠲᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠬᠦᠳ᠂ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠡᠯ᠎ᠡ ᠰᠠᠯᠠᠭ᠎ᠠ ᠮᠥᠴᠢᠷ ᠤᠨ ᠤᠬᠠᠭᠤᠯᠬᠤ ᠠᠵᠢᠯ ᠢ ᠬᠠᠷᠢᠭᠤᠴᠠᠵᠤ ᠪᠠᠶᠢᠭ᠎ᠠ ᠺᠠᠳ᠋ᠷ ᠠᠵᠢᠯᠲᠠᠳ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号