ᠰᠢᠶᠧ ᠶᠢᠨ ᠳ᠋ᠦᠩ ︽ᠬᠤᠶᠠᠷ ᠲᠠᠢ ᠬᠠᠷᠢᠯᠴᠠᠬᠤ︾ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2025/6/25
   6 ᠰᠠᠷ᠎ᠠ ᠶᠢᠨ 23᠎ ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠶᠧ ᠶᠢᠨ ᠳ᠋ᠦᠩ ᠵᠡᠷᠭᠡ ᠬᠦᠮᠦᠰ ᠰᠢᠩ ᠹᠦ᠋ ᠰᠢᠶᠠᠩ ᠳᠤ ᠬᠦᠷᠴᠦ ︽ ᠬᠤᠶᠠᠷ ᠲᠠᠢ ᠬᠠᠷᠢᠯᠴᠠᠬᠤ︾ ᠠᠵᠢᠯᠯᠠᠭ᠎ᠠ ᠶᠢ ᠪᠠᠶᠢᠴᠠᠭᠠᠨ ᠵᠢᠯᠤᠭᠤᠳᠴᠠᠢ᠃ ᠰᠢᠶᠠᠩ ᠤᠨ ᠤᠳᠤᠷᠢᠳᠬᠤ ᠪᠠᠭ ᠤᠨ ᠭᠡᠰᠢᠬᠦᠳ ᠪᠠ ᠬᠡᠰᠡᠭ ᠠᠷᠠᠳ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠤᠷᠤᠯᠴᠠᠵᠤ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠢᠶᠧ ᠰᠢᠶᠤᠤ ᠹᠧᠩ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ ᠰᠢᠶᠧ ᠶᠢᠨ ᠳ᠋ᠦᠩ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠲᠤᠳᠤᠨᠤᠰᠤᠭ ᠎ ᠢᠶᠠᠷ ᠶᠠᠷᠢᠯᠴᠠᠵᠤ᠂ ᠠᠷᠠᠳ ᠤᠨ ᠲᠥᠯᠥᠭᠡᠯᠡᠭᠴᠢᠳ ᠪᠠ ᠰᠣᠩᠭᠤᠭᠤᠯᠢ ᠶᠢᠨ ᠠᠷᠠᠳ ᠲᠠᠢ ᠬᠠᠷᠢᠯᠴᠠᠭᠰᠠᠨ ᠪᠠᠶᠢᠳᠠᠯ ᠪᠠ ᠬᠤᠷᠢᠶᠠᠵᠤ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠷ ᠰᠤᠨᠤᠰᠤᠭᠰᠠᠨ ᠪᠠᠶᠢᠨ᠎ᠠ᠃ ᠰᠢᠶᠧ ᠶᠢᠨ ᠳ᠋ᠦᠩ ᠠᠴᠠ᠂  ᠠᠷᠠᠳ ᠤᠨ ᠲᠦᠯᠦᠭᠡᠯᠡᠭᠴᠢ ᠪᠠ ᠰᠣᠩᠭᠤᠭᠤᠯᠢ ᠶᠢᠨ ᠠᠷᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠲᠦᠷᠦᠯ ᠬᠤᠪᠢᠶᠠᠨ ᠡᠮᠬᠢᠯᠡᠨ ᠲᠠᠩᠰᠠᠯᠠᠵᠤ᠂ ᠦᠨᠡᠨ ᠪᠤᠳᠠᠳᠠᠢ ᠠᠷᠭ᠎ᠠ ᠬᠡᠯᠪᠡᠷᠢ ᠪᠠᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠨᠢᠬᠡᠪᠦᠷᠢ ᠳᠤ ᠬᠠᠷᠢᠭᠤ ᠦᠭᠬᠦ ᠬᠡᠷᠡᠭᠲᠡᠢ᠃  ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠰᠠᠶᠢᠨ ᠬᠢᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠎ ᠪᠠᠨ ᠲᠤᠰᠬᠬᠠᠬᠤ ᠠᠷᠭ᠎ᠠ ᠵᠠᠮ ᠢ ᠨᠡᠪᠳᠡᠷᠡᠬᠦᠯᠦᠨ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠂ ᠤᠯᠠᠨ ᠲᠦᠮᠡᠨ ᠤ ᠣᠶᠢᠯᠠᠭᠠᠬᠤ ᠨᠤᠷᠮ᠎ᠠ ᠪᠣᠯᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠠᠰᠤᠵᠢᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ ᠤᠶᠢᠯᠠᠭᠠᠨ᠂ ᠵᠠᠩᠭᠢᠯᠠᠭ᠎ᠠ ᠶᠢᠨ ᠠᠰᠠᠭᠤᠳᠠᠯ ᠢ ᠣᠨᠣᠪᠴᠢᠲᠠᠢ ᠡᠷᠢᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠳᠤ ᠰᠢᠢᠳᠪᠦᠷᠢᠲᠦ ᠪᠤᠳᠤᠯᠭ᠎ᠠ ᠶᠢᠨ ᠯᠠᠪᠯᠠᠯᠲᠠ ᠬᠠᠩᠭᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂  ᠠᠷᠠᠳ ᠤᠨ ᠰᠠᠨᠠᠭ᠎ᠠ ᠶᠢ ᠤᠶᠢᠯᠠᠭᠠᠨ ᠠᠷᠠᠳ ᠤᠨ ᠪᠠᠶᠢᠳᠠᠯ ᠢ ᠡᠵᠡᠮᠰᠢᠵᠦ᠂ᠠᠷᠠᠳ ᠤᠨ ᠤᠬᠠᠭᠠᠨ ᠢ ᠨᠢᠭᠲᠠᠷᠠᠭᠤᠯᠬᠤ ᠬᠡᠷᠡᠭᠲᠡᠢ᠃ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠳᠤ ᠤᠬᠠᠮᠰᠠᠷ ᠠᠴᠠ ᠪᠠᠨ ᠬᠠᠮᠵᠢᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠵᠤ ᠠᠬᠢᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ ᠰᠢᠶᠠᠩ ᠤᠨ ᠨᠠᠮ ᠵᠠᠰᠠᠭ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠳᠤ ᠪᠠᠳᠤᠯᠠᠭ᠎ᠠ ᠬᠠᠩᠭᠠᠵᠤ᠂  ᠰᠢᠩ ᠹᠦ᠋ ᠰᠢᠶᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号