ᠯᠦᠸᠧ ᠲᠦᠸᠧ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/6/25
   ᠠᠷᠠᠳ ᠤᠨ ᠲᠥᠯᠥᠭᠡᠯᠡᠭᠴᠢᠳ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ  ᠢ ᠴᠢᠨᠠᠷ ᠰᠠᠶᠢᠲᠠᠶ ᠬᠡᠷᠡᠭᠵᠢᠭᠦᠯᠬᠦ ᠶᠢᠨ ᠲᠥᠯᠥᠭᠡ᠂ 6 ᠰᠠᠷ᠎ᠠ ᠶᠢᠨ 20 ᠤ ᠡᠳᠦᠷ ᠯᠦᠸᠧ ᠲᠦᠸᠧ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠨᠢ ᠬᠡᠰᠡᠭ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠤᠯᠬᠤ ᠯᠦᠸᠧ ᠲᠦᠸᠧ ᠱᠠᠨ ᠲᠣᠰᠬᠤᠨ ᠤ ᠵᠠᠮ ᠤᠨ ᠤᠰᠤ ᠵᠠᠯᠠᠬᠤ ᠢᠨᠵᠧᠨᠧᠷᠢᠩ ᠢ ᠰᠢᠨᠵᠢᠯᠡᠨ ᠪᠠᠶᠢᠴᠠᠭᠠᠪᠠ᠃  ᠰᠢᠨᠵᠢᠯᠡᠨ ᠪᠠᠶᠢᠴᠠᠭᠠᠬᠤ ᠶᠠᠪᠤᠴᠠ ᠳᠤ᠂ ᠯᠦᠸᠧ ᠲᠦᠸᠧ ᠱᠠᠨ ᠲᠣᠰᠬᠤᠨ ᠤ ᠤᠳᠤᠷᠢᠳᠤᠯᠭ᠎ᠠ ᠠᠴᠠ ᠤᠰᠤ ᠵᠠᠯᠠᠬᠤ ᠢᠨᠵᠧᠨᠧᠷᠢᠩ ᠤᠨ ᠲᠦᠰᠦᠪ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠪᠣᠯᠤᠨ ᠵᠢᠱᠢᠭᠰᠡᠨ ᠬᠠᠷᠠᠯᠲᠠ ᠵᠡᠷᠭᠡ ᠶᠢ ᠨᠠᠷᠢᠨ ᠲᠠᠨᠢᠯᠴᠠᠭᠤᠯᠵᠤ᠂  ᠠᠷᠠᠳ ᠤᠨ ᠲᠥᠯᠥᠭᠡᠯᠡᠭᠴᠢᠳ ᠠᠴᠠ ᠢᠨᠵᠧᠨᠧᠷᠢᠩ ᠤᠨ ᠬᠠᠮᠢᠶᠠᠷᠤᠯᠲᠠ ᠶᠢ ᠴᠢᠩᠭᠠᠳᠬᠠᠬᠤ᠂ ᠶᠠᠰᠤ ᠴᠢᠨᠠᠷ ᠢ ᠡᠵᠡᠮᠳᠡᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ  ᠲᠤᠷᠠᠳᠤᠨ᠂ ᠬᠢᠨᠠᠯᠲᠠ ᠲᠠᠯᠪᠢᠬᠤ ᠠᠵᠢᠯᠯᠠᠭ᠎ᠠ ᠪᠠᠷ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠠᠬᠢᠭᠤᠯᠵᠠᠢ᠃  ᠰᠢᠨᠵᠢᠯᠡᠨ ᠪᠠᠶᠢᠴᠠᠭᠠᠬᠤ ᠠᠵᠢᠯᠯᠠᠭ᠎ᠠ ᠪᠠᠷ ᠲᠠᠮᠵᠢᠭᠠᠳ  2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠨᠢᠭᠡ ᠪᠤᠯᠬᠤ ᠤᠰᠤ ᠵᠠᠯᠠᠬᠤ ᠢᠨᠵᠧᠨᠧᠷᠢᠩ ᠤᠨ ᠲᠤᠬᠠᠶ ᠠᠷᠠᠳ ᠤᠨ ᠲᠥᠯᠥᠭᠡᠯᠡᠭᠴᠢᠳ ᠲᠤ ᠨᠠᠩ ᠰᠢᠭᠤᠳ᠂ ᠨᠠᠩ ᠭᠦᠨᠵᠡᠭᠡᠶ ᠤᠶᠢᠯᠠᠭᠠᠯᠳᠠ ᠲᠠᠢ ᠪᠤᠯᠭᠠᠵᠤ᠂ ᠠᠷᠠᠳ ᠤᠨ ᠲᠥᠯᠥᠭᠡᠯᠡᠭᠴᠢᠳ ᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠬᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂  ᠯᠦᠸᠧ ᠲᠦᠸᠧ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ  ᠳᠤ ᠦᠷᠭᠦᠯᠵᠢᠯᠡᠨ ᠮᠥᠷᠳᠡᠨ ᠬᠢᠨᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠤᠨ ᠲᠥᠯᠥᠭᠡᠯᠡᠭᠴᠢ ᠠᠷᠠᠳ ᠲᠦᠮᠡᠨ ᠳᠤ  ᠦᠢᠯᠡᠴᠢᠯᠡᠬᠦ︾ ᠲᠥᠪ ᠴᠢᠩᠭ᠎ᠠ ᠠᠮᠠᠯᠠᠯᠲᠠ ᠶᠢ ᠦᠢᠯᠡᠳᠦᠯᠬᠡᠵᠢᠬᠦᠯᠦᠨ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号