6 ᠰᠠᠷ᠎ᠠ ᠶᠢᠨ 24 ᠤ ᠡᠳᠦᠷ᠂ ᠪᠤᠤᠴᠠᠩ ᠪᠠᠯᠭᠠᠰᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠯᠢᠨ ᠭᠦᠸᠧ ᠳ᠋ᠦᠩ ᠬᠤᠷᠠᠯ ᠢ | ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ | ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠬᠦᠷ ᠤᠨ ᠱᠦᠵᠢ᠂ ᠲᠣᠰᠬᠤᠨ ︵ᠰᠠᠭᠤᠭᠠᠯᠢ ᠠᠷᠠᠳ︶ ᠤ | ᠵᠥᠪᠯᠡᠯ ᠤᠨ ᠡᠷᠬᠢᠯᠡᠭᠴᠢ᠂ ᠳᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠪᠠ᠃ ᠬᠤᠷᠠᠯ ᠠᠴᠠ᠂ ᠨᠢᠭᠡ ᠳᠤ | ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠎ᠠ᠃ | ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠠᠰᠠᠭᠤᠳᠠᠯ ᠢ ᠴᠢᠬᠤᠯᠠᠴᠢᠯᠠᠨ᠂ ᠦᠨᠡᠨ ᠪᠤᠳᠠᠳᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠡᠭᠦᠨ ᠢ | ᠠᠵᠢᠯ ᠢᠶᠠᠨ ᠠᠬᠢᠭᠤᠯᠬᠤ ᠭᠤᠤᠯ ᠴᠢᠬᠤᠯᠠ ᠡᠭᠦᠷᠭᠡ ᠪᠣᠯᠭᠠᠵᠤ᠂ ᠤᠮᠳᠤᠭᠠᠶᠢᠯᠠᠵᠤ ᠴᠠᠯᠠᠭᠠᠶᠢᠷᠠᠬᠤ ᠶᠢ ᠡᠷᠡᠰ | ᠬᠤᠷᠢᠭᠯᠠᠬᠤ ᠬᠡᠷᠡᠭᠲᠡᠶ᠃ ᠬᠤᠶᠠᠷ ᠲᠤ ᠬᠠᠮᠳᠤᠷᠠᠯ ᠤᠨ ᠬᠦᠴᠦᠨ ᠢ ᠨᠢᠭᠲᠠᠷᠠᠭᠤᠯᠵᠤ᠂ ᠬᠠᠮᠵᠢᠯᠴᠠᠭᠠᠨ ᠤ | ᠲᠣᠭᠲᠠᠴᠠ ᠶᠢ ᠪᠠᠶᠢᠭᠤᠯᠤᠨ᠎ᠠ᠃ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ | ᠭᠡᠰᠢᠬᠦᠳ ᠢ ᠳᠠᠶᠢᠴᠢᠯᠠᠨ ᠭᠤᠣᠯᠳᠠᠯᠭ᠎ᠠ ᠲᠠᠢ ᠠᠵᠢᠯ ᠳᠤ ᠣᠷᠣᠯᠴᠠᠭᠤᠯᠵᠤ᠂ ︽ᠨᠢᠭᠡ ᠬᠥᠯᠭᠡ ᠰᠢᠳᠠᠷ᠎ᠠ︾ ᠶᠢᠨ | ᠪᠠᠶᠢᠷᠢᠰᠢᠯ ᠢ ᠪᠤᠢ ᠪᠤᠯᠭᠠᠨ᠂ ᠡᠯ᠎ᠡ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ | ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠵᠤ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ | ᠬᠡᠷᠡᠭᠲᠡᠢ᠃ ᠭᠤᠷᠪᠠ ᠳᠤ ᠠᠵᠢᠯ ᠤᠨ ᠶᠠᠪᠤᠴᠠ ᠶᠢ ᠵᠢᠷᠤᠮᠵᠢᠭᠤᠯᠵᠤ᠂ ᠲᠦᠷᠢᠮ ᠤᠨ ᠬᠤᠷᠢᠭ᠎ᠠ ᠱᠤᠭᠤᠮ ᠢ ᠴᠢᠩᠭ᠎ᠠ | ᠰᠠᠬᠢᠨ᠎ᠠ᠃ ︽ᠳᠥᠷᠪᠡ ᠶᠢ ᠵᠥᠪᠯᠡᠵᠦ ᠬᠤᠶᠠᠷ ᠢ ᠨᠡᠶᠢᠲᠡᠯᠡᠬᠦ︾ ᠠᠵᠢᠯ ᠤᠨ ᠠᠷᠭ᠎ᠠ ᠶᠢ ᠴᠢᠩᠭ᠎ᠠ ᠬᠡᠷᠡᠭᠵᠢᠭᠦᠯᠵᠦ᠂ | ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢᠨ | ᠲᠦᠷᠢᠮᠵᠢᠭᠰᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠮᠠᠲ᠋ᠧᠷᠢᠶᠠᠯ ᠢ ᠲᠠᠩᠰᠠᠯᠠᠨ ᠬᠠᠳᠠᠭᠠᠯᠠᠬᠤ | ᠠᠵᠢᠯ ᠢ ᠰᠠᠶᠢᠨ ᠬᠢᠵᠦ᠂ ᠬᠢᠨᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠳᠤ ᠪᠠᠳᠤᠯᠠᠭ᠎ᠠ ᠬᠠᠩᠭᠠᠬᠤ ᠬᠡᠷᠡᠭᠲᠡᠶ | ᠬᠡᠵᠦ ᠴᠢᠬᠤᠯᠠᠴᠢᠯᠠᠭᠰᠠᠨ ᠪᠠᠶᠢᠨ᠎ᠠ ᠃ ᠬᠤᠷᠠᠯ ᠲᠡᠭᠡᠷ᠎ᠡ ᠪᠠᠰᠠ ᠤᠰᠤᠨ ᠤ ᠰᠦᠢᠳᠬᠡᠯ ᠬᠤᠷᠢᠶᠠᠬᠤ᠂ | ᠣᠷᠣᠰᠢᠭᠤᠯᠭ᠎ᠠ ᠶᠢᠨ ᠥᠭᠡᠷᠡᠴᠢᠯᠡᠯᠲᠡ᠂ ᠣᠷᠴᠢᠨ ᠲᠣᠭᠤᠷᠢᠨ ᠤ ᠵᠠᠰᠠᠯᠳᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠲᠦᠷᠦᠯ ᠵᠦᠢᠯ ᠪᠠ ᠡᠳ᠋ ᠬᠦᠷᠦᠩᠭᠡ᠂ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ | ᠵᠡᠷᠭᠡ ᠠᠵᠢᠯ ᠳᠤ ᠪᠠᠶᠢᠷᠢᠯᠠᠭᠤᠯᠤᠯᠳᠠ ᠬᠢᠵᠡᠢ᠃ |