ᠬᠤᠩ ᠴᠢ ᠪᠠᠯᠭᠠᠰᠤ ᠬᠠᠤᠯᠢ ᠲᠦᠷᠢᠮ ᠢ ᠬᠦᠳᠡᠭᠡ ᠬᠦᠷᠭᠡᠬᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2025/6/25
   ᠠᠷᠠᠳ ᠢᠷᠭᠡᠳ ᠤᠨ ᠬᠠᠤᠯᠢ ᠶᠢᠨ ᠤᠬᠠᠮᠰᠠᠷ ᠢ ᠴᠢᠩᠭᠠᠳᠬᠠᠵᠤ᠂ ᠲᠡᠳᠡᠨ ᠤ ᠬᠠᠤᠯᠢ ᠶᠣᠰᠣᠭᠠᠷ ᠡᠷᠬᠡ ᠠᠰᠢᠭ  ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 23 ᠤ ᠡᠳᠦᠷ ᠬᠤᠩ ᠴᠢ ᠪᠠᠯᠭᠠᠰᠤ   ᠨᠢ ᠬᠠᠤᠯᠢ ᠶᠢᠨ ᠤᠬᠠᠭᠤᠯᠭ᠎ᠠ ᠶᠢ ᠲᠣᠰᠬᠤᠨ ᠳᠤ ᠣᠷᠣᠭᠤᠯᠬᠤ ᠠᠵᠢᠯᠯᠠᠭ᠎ᠠ ᠦᠷᠨᠢᠬᠦᠯᠵᠦ᠂ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠤᠭᠳᠠᠭᠰᠠᠨ ᠬᠠᠤᠯᠢ ᠲᠦᠷᠢᠮ ᠤᠨ ᠮᠡᠳᠡᠯᠭᠡ ᠶᠢ ᠲᠦᠭᠡᠮᠡᠯᠵᠢᠬᠦᠯᠦᠨ᠂ ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠣᠷᠣᠭᠤᠯᠵᠤ᠂ ᠠᠷᠠᠳ ᠢᠷᠭᠡᠳ ᠲᠠᠢ ᠤᠶᠢᠷᠠᠳᠤᠭᠤᠯᠪᠠ᠃  ᠡᠨᠡ ᠤᠳᠠᠭᠠᠨ ᠤ ᠠᠵᠢᠯᠯᠠᠭ᠎ᠠ ᠶᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠠᠴᠠ ᠵᠤᠬᠢᠶᠠᠨ ᠪᠠᠶᠢᠭᠤᠯᠵᠤ᠂  ᠡᠮᠡᠭᠲᠡᠶᠢᠴᠦᠳ ᠤᠨ ᠬᠤᠯᠪᠤᠭ᠎ᠠ᠂ ᠬᠠᠤᠯᠢ ᠶᠢᠨ ᠰᠠᠯᠪᠤᠷᠢ᠂  ᠲᠤᠳᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠡᠷᠬᠢᠯᠡᠵᠡᠢ᠃  ᠠᠵᠢᠯᠳᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ ᠬᠠᠤᠯᠢ︾ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠵᠡᠷᠭᠡ ᠣᠯᠠᠨ ᠲᠠᠯ᠎ᠠ ᠶᠢᠨ ᠬᠠᠤᠯᠢ ᠶᠢᠨ ᠮᠡᠳᠡᠯᠭᠡ ᠶᠢ ᠪᠠᠭᠳᠠᠭᠠᠭᠰᠠᠨ ᠪᠠᠶᠢᠨ᠎ᠠ᠃  ᠠᠵᠢᠯᠳᠠᠳ ᠠᠴᠠ ᠪᠠᠰᠠ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠠᠵᠠᠷ ᠰᠢᠷᠣᠢ ᠶᠢᠨ ᠵᠢᠭᠤᠷᠠᠯᠳᠤᠭᠠᠨ ᠵᠡᠷᠭᠡ ᠳᠤ ᠴᠢᠭᠯᠡᠭᠦᠯᠦᠨ ᠲᠤᠰᠬᠠᠢ ᠰᠡᠳᠦᠪᠲᠦ ᠤᠬᠠᠭᠤᠯᠭ᠎ᠠ ᠬᠢᠵᠦ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠲᠤᠯᠭᠠᠷᠠᠭᠰᠠᠨ ᠪᠣᠳᠠᠲᠠᠶ ᠠᠰᠠᠭᠤᠳᠠᠯ ᠤᠨ ᠲᠤᠬᠠᠶ ᠨᠠᠷᠢᠨ ᠲᠠᠶᠢᠯᠪᠤᠷᠢᠯᠠᠯᠲᠠ ᠬᠢᠵᠦ᠂ ᠤᠯᠠᠨ ᠲᠦᠮᠡᠨ ᠳᠤ ᠬᠠᠤᠯᠢ ᠲᠦᠷᠢᠮ ᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠤᠯᠠᠨ ᠲᠦᠮᠡᠨ ᠤ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠪᠡ᠃ ᠡᠨᠡ ᠤᠳᠠᠭᠠᠨ ᠤ ᠬᠠᠤᠯᠢ ᠶᠢᠨ ᠤᠬᠠᠭᠤᠯᠭ᠎ᠠ ᠪᠠᠷ ᠲᠠᠮᠵᠢᠭᠠᠳ᠂ ᠠᠷᠠᠳ ᠣᠯᠠᠨ ᠤ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ ᠲᠦᠢᠯ ᠤᠨ ᠶᠡᠭᠡ ᠪᠠᠷ ᠨᠡᠮᠡᠭᠳᠡᠬᠦᠯᠵᠡᠢ᠃ ᠳᠠᠷᠠᠭᠠᠴᠢ ᠪᠠᠷ᠂ ᠬᠤᠩ ᠴᠢ ᠪᠠᠯᠭᠠᠰᠤ ᠨᠢ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠬᠦᠳᠦᠨ᠂ ᠬᠠᠤᠯᠢ ᠲᠦᠷᠢᠮ ᠤᠨ ᠤᠬᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠡᠩ ᠤᠯᠠᠨ ᠬᠠᠤᠯᠢ ᠶᠢᠨ ᠮᠡᠳᠡᠯᠭᠡ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠪᠦᠬᠦ ᠨᠡᠶᠢᠭᠡᠮ ᠢᠶᠠᠷ ᠢᠶᠠᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠡᠶᠢᠭᠡᠮ ᠤᠨ ᠡᠶ᠎ᠡ  ᠵᠤᠬᠢᠴᠠᠯ ᠠᠮᠤᠷ ᠲᠣᠭᠲᠠᠭᠤᠨ ᠢ ᠬᠠᠮᠠᠭᠠᠯᠠᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠬᠤ ᠪᠠᠷ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号