6 ᠳ᠋ᠤᠭᠠᠷ ᠰᠠᠷ᠎ᠠ ᠪᠣᠯ ᠮᠠᠨ ᠤ ᠤᠯᠤᠰ ᠤᠨ ᠪᠥᠬᠦ ᠠᠷᠠᠳ ᠢᠶᠠᠷ ᠢᠶᠠᠨ ᠬᠤᠤᠷ ᠴᠠᠭᠠᠵᠠᠯᠠᠬᠤ ᠤᠬᠠᠭᠤᠯᠭ᠎ᠠ ᠶᠢᠨ | ᠰᠠᠷ᠎ᠠ ᠂ 6 ᠰᠠᠷ᠎ᠠ ᠶᠢᠨ 26 ᠤ ᠡᠳᠦᠷ ᠪᠣᠯ ᠳᠡᠯᠡᠬᠡᠶ ᠶᠢᠨ ︽ᠬᠤᠤᠷᠲᠤ ᠡᠳ᠋ ᠴᠠᠭᠠᠵᠠᠯᠠᠬᠤ ᠡᠳᠦᠷ︾ ᠪᠣᠯᠤᠨ᠎ᠠ᠃ | ᠪᠥᠬᠦ ᠠᠷᠠᠳ ᠤᠨ ᠬᠤᠣᠷ ᠴᠠᠭᠠᠵᠠᠯᠠᠬᠤ ᠤᠬᠠᠮᠰᠠᠷ ᠢ ᠲᠡᠭᠡᠭᠰᠢᠯᠡᠬᠦᠯᠵᠦ᠂ ᠬᠤᠣᠷ ᠢ ᠲᠠᠨᠢᠬᠤ ᠬᠤᠣᠷ ᠢ ᠰᠡᠷᠭᠡᠶᠢᠯᠡᠬᠦ᠂ | ᠬᠤᠣᠷ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠦᠨ᠂ ᠪᠥᠬᠦ ᠠᠷᠠᠳ ᠢᠶᠠᠷ ᠢᠶᠠᠨ ᠬᠤᠣᠷ | ᠴᠠᠭᠠᠵᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 24 ᠤ ᠡᠳᠦᠷ | ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠰᠤᠶᠤᠯ ᠤᠨ ᠠᠭᠤᠳᠠᠮ ᠲᠠᠯᠠᠪᠠᠢ ᠳᠤ | ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠳᠠᠷᠤᠭ᠎ᠠ ᠳ᠋ᠢᠩ ᡁᠢ ᠴᠢᠶᠠᠩ ᠠᠵᠢᠯᠯᠠᠭ᠎ᠠ ᠳᠤ ᠤᠷᠤᠯᠴᠠᠨ ᠶᠠᠷᠢᠶ᠎ᠠ ᠲᠠᠯᠪᠢᠵᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ᠂ | ᠡᠯ᠎ᠡ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠰᠠᠶᠢᠨ ᠲᠤᠷᠠᠳᠠᠳ᠂ ᠬᠡᠰᠡᠭ ᠠᠵᠤ ᠠᠬᠤᠶᠢᠯᠠᠯ ᠤᠨ ᠠᠵᠢᠯᠲᠠᠨ | ᠠᠵᠢᠯᠴᠢᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠪᠠᠭᠰᠢ ᠰᠤᠷᠤᠭᠴᠢᠳ | ᠠᠵᠢᠯᠯᠠᠭ᠎ᠠ ᠳᠤ ᠤᠷᠤᠯᠴᠠᠵᠠᠢ᠃ ᠬᠤᠤᠷ ᠴᠠᠭᠠᠵᠠᠯᠠᠬᠤ ᠶᠡᠭᠡ ᠠᠩᠭᠢ ᠶᠢᠨ ᠴᠠᠭᠳᠠᠭ᠎ᠠ ᠨᠠᠷ ᠤᠬᠠᠭᠤᠯᠭ᠎ᠠ ᠶᠢᠨ | ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠵᠡᠷᠭᠡ | ᠬᠡᠯᠪᠡᠷᠢ ᠪᠠᠷ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ ᠪᠠᠶᠢᠭᠠᠳ ᠰᠠᠭᠤᠭᠠᠯᠢ ᠠᠷᠠᠳ ᠪᠠ | ᠰᠤᠷᠤᠭᠴᠢᠳ ᠲᠤ ᠬᠤᠤᠷᠲᠤ ᠡᠳ᠋ ᠤᠨ ᠲᠥᠷᠥᠯ ᠵᠦᠢᠯ᠂ ᠣᠨᠴᠠᠯᠢᠭ ᠰᠢᠨᠵᠢ ᠪᠠ ᠬᠤᠤᠷ ᠬᠥᠨᠥᠭᠡᠯ ᠵᠡᠷᠭᠡ ᠶᠢ ᠨᠠᠷᠢᠨ | ᠲᠠᠶᠢᠯᠪᠤᠷᠢᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠤᠤᠷᠲᠤ ᠡᠳ᠋ ᠠᠴᠠ ᠬᠤᠯᠠ ᠵᠠᠶᠢᠳᠠᠵᠤ᠂ | ᠬᠤᠤᠷᠲᠤ ᠡᠳ᠋ ᠢ ᠡᠷᠡᠰ ᠲᠡᠪᠴᠢᠬᠦ ᠶᠢ ᠤᠷᠢᠶᠠᠯᠠᠪᠠ᠃ ᠡᠨᠡ ᠤᠳᠠᠭᠠᠨ ᠤ ᠠᠵᠢᠯᠯᠠᠭ᠎ᠠ ᠳᠤ ᠬᠤᠤᠷᠲᠤ ᠡᠳ᠋ ᠢ | ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ 2000 ᠭᠠᠷᠤᠶ ᠬᠤᠪᠢ ᠶᠢ ᠲᠠᠷᠬᠠᠭᠠᠭᠰᠠᠨ ᠪᠠᠶᠢᠨ᠎ᠠ᠃ | ᠠᠵᠢᠯᠯᠠᠭ᠎ᠠ ᠳᠤ ᠣᠷᠣᠯᠴᠠᠭᠰᠠᠨ ᠰᠤᠷᠤᠭᠴᠢᠳ ᠪᠠᠰᠠ ᠬᠤᠣᠷ ᠴᠠᠭᠠᠵᠠᠯᠠᠬᠤ ᠭᠠᠷ ᠤᠨ ᠦᠰᠦᠭ ᠵᠢᠷᠤᠬᠤ ᠬᠡᠷᠡᠮ | ᠳᠡᠭᠡᠷ᠎ᠡ ᠨᠡᠷ᠎ᠡ ᠪᠠᠨ ᠪᠢᠴᠢᠵᠦ᠂ ᠪᠦᠬᠦ ᠠᠷᠠᠳ ᠢᠶᠠᠷ ᠢᠶᠠᠨ ᠬᠤᠣᠷ ᠴᠠᠭᠠᠵᠠᠯᠠᠬᠤ ᠢᠳᠡᠭᠡᠯ ᠵᠣᠷᠢᠭ ᠢ ᠢᠯᠡᠷᠭᠡᠶᠢᠯᠡᠭᠰᠡᠨ | ᠪᠠᠶᠢᠨ᠎ᠠ᠃ | ᠲᠠᠶᠢᠹᠤᠰᠧ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ | ᠰᠤᠷᠤᠭᠴᠢ ᠵᠠᠩ ᠵᠢᠩ ᠷᠤ᠋᠄ ︽ᠥᠨᠥᠳᠦᠷ ᠤᠨ ᠠᠵᠢᠯᠯᠠᠭ᠎ᠠ ᠪᠠᠷ ᠲᠠᠮᠵᠢᠭᠠᠳ ᠪᠢ ᠬᠤᠤᠷᠲᠤ ᠡᠳ᠋ ᠢ ᠢᠯᠭᠠᠨ | ᠲᠠᠨᠢᠬᠤ ᠮᠡᠳᠡᠯᠭᠡ ᠶᠢ ᠰᠤᠷᠴᠠᠢ᠂ ᠬᠤᠶᠢᠰᠢᠳᠠ ᠰᠣᠨᠣᠷ ᠰᠡᠷᠡᠮᠵᠢ ᠪᠠᠨ ᠴᠠᠭ ᠢᠮᠠᠭᠲᠠ ᠳᠡᠭᠡᠭᠰᠢᠯᠡᠭᠦᠯᠵᠦ᠂ ᠠᠮᠢ | ᠨᠠᠰᠤ ᠪᠠᠨ ᠨᠠᠨᠳᠢᠩᠨᠠᠨ᠂ ᠬᠤᠤᠷᠲᠤ ᠡᠳ᠋ ᠠᠴᠠ ᠡᠷᠡᠰ ᠵᠠᠶᠢᠯᠠᠨ᠎ᠠ᠂ ᠦᠨᠦᠳᠦᠷ ᠤᠨ ᠰᠤᠷᠴᠤ ᠡᠵᠡᠮᠰᠢᠭᠰᠡᠨ ᠵᠦᠢᠯ | ᠢᠶᠠᠨ ᠬᠠᠮᠲᠤ ᠰᠤᠷᠤᠯᠭᠠᠳᠠᠨ ᠪᠠ ᠬᠡᠷ ᠤᠨ ᠬᠥᠮᠦᠰ ᠲᠡᠭᠡᠨ ᠢᠳᠡᠪᠬᠢᠲᠡᠶ ᠤᠬᠠᠭᠤᠯᠵᠤ᠂ ᠨᠠᠩ ᠣᠯᠠᠨ ᠬᠥᠮᠦᠰ ᠢ | ᠬᠠᠪᠰᠤᠷᠤᠨ ᠰᠡᠷᠭᠡᠶᠢᠯᠡᠯᠳᠡ ᠶᠢᠨ ᠤᠬᠠᠮᠰᠠᠷ ᠢ ᠨᠢ ᠴᠢᠩᠭᠠᠳᠬᠠᠵᠤ᠂ ᠬᠤᠤᠷᠲᠤ ᠡᠳ᠋ ᠶᠢ ᠬᠠᠮᠲᠤ ᠪᠠᠷ ᠬᠤᠷᠢᠭᠯᠠᠨ᠎ᠠ︾ | | ᠬᠤᠤᠷ ᠴᠠᠭᠠᠵᠠᠯᠠᠬᠤ ᠶᠡᠭᠡ ᠠᠩᠭᠢ ᠶᠢᠨ ᠴᠠᠭᠳᠠᠭ᠎ᠠ ᠯᠢ ᠵᠢᠶᠠ ᠴᠢ᠄ ︽ᠤᠬᠠᠭᠤᠯᠭ᠎ᠠ ᠬᠥᠮᠦᠵᠢᠯ ᠢ | ᠴᠢᠩᠭᠠᠳᠬᠠᠬᠤ ᠪᠣᠯ ᠬᠤᠤᠷ ᠴᠠᠭᠠᠵᠠᠯᠠᠬᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠤᠯᠤᠨ᠎ᠠ᠃ | ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠪᠥᠬᠦ ᠠᠷᠠᠳ ᠢᠶᠠᠷ ᠢᠶᠠᠨ ᠬᠤᠤᠷ ᠴᠠᠭᠠᠵᠠᠯᠠᠬᠤ ᠠᠭᠤᠷ | ᠠᠮᠢᠰᠬᠤᠯ ᠢ ᠪᠣᠶ ᠪᠣᠯᠭᠠᠬᠤ ᠳᠤ ᠲᠤᠩ ᠠᠰᠢᠭᠲᠠᠶ ᠶᠤᠮ᠃ ᠬᠤᠶᠢᠰᠢᠳᠠ ᠪᠢᠳᠡ ᠤᠬᠠᠭᠤᠯᠭ᠎ᠠ ᠶᠢᠨ ᠬᠡᠯᠪᠡᠷᠢ ᠶᠢᠨ | ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠬᠤᠤᠷ ᠴᠠᠭᠠᠵᠠᠯᠠᠬᠤ ᠮᠡᠳᠡᠯᠭᠡ ᠶᠢ ᠨᠡᠶᠢᠬᠡᠮ ᠲᠠᠶᠠᠭᠠᠷ ᠲᠤ | ᠲᠦᠭᠡᠮᠡᠯᠵᠢᠭᠦᠯᠦᠨ᠂ ᠣᠯᠠᠨ ᠨᠡᠶᠢᠲᠡ ᠶᠢᠨ ᠬᠤᠤᠷ ᠲᠠᠨᠢᠬᠤ᠂ ᠬᠤᠤᠷ ᠰᠡᠷᠭᠡᠶᠢᠯᠡᠬᠦ᠂ ᠬᠤᠤᠷ ᠡᠰᠡᠷᠭᠦᠴᠡᠬᠦ | ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠨᠡᠶᠢᠲᠡᠯᠢᠭ ᠬᠡᠷᠡᠭ ᠤᠨ | ᠵᠢᠱᠢᠶ᠎ᠡ ᠶᠢ ᠢᠯᠡᠴᠢᠯᠡᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠤᠤᠷᠲᠤ ᠡᠳ᠋ ᠤᠨ | ᠥᠳᠥᠭᠡᠯᠭᠡ ᠶᠢ ᠡᠰᠡᠷᠭᠦᠴᠡᠨ ᠬᠤᠷᠢᠭᠯᠠᠬᠤ ᠤᠬᠠᠮᠰᠠᠷ ᠲᠠᠨᠢᠯᠳᠠ ᠶᠢ ᠨᠢ ᠲᠡᠭᠡᠭᠰᠢᠯᠡᠬᠦᠯᠦᠨ᠎ᠡ᠃ ᠪᠢᠳᠡ ᠪᠠᠰᠠ ᠪᠥᠬᠦ | ᠨᠡᠶᠢᠭᠡᠮ ᠢᠶᠠᠷ ᠢᠶᠠᠨ ᠬᠠᠮᠲᠤ ᠪᠠᠷ ᠤᠷᠤᠯᠴᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ | ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠪᠣᠶ ᠪᠤᠯᠭᠠᠨ᠂ ᠬᠤᠤᠷ ᠴᠠᠭᠠᠵᠠᠯᠠᠬᠤ ᠠᠵᠢᠯ ᠤᠨ ᠪᠣᠳᠠᠲᠤ ᠦᠷ᠎ᠡ | ᠪᠦᠲᠦᠮᠵᠢ ᠤᠯᠬᠤ ᠳᠤ ᠪᠠᠳᠤᠯᠠᠭ᠎ᠠ ᠬᠠᠩᠭᠠᠬᠤ ᠶᠢ ᠤᠷᠢᠶᠠᠯᠠᠵᠤ ᠪᠤᠢ ︾ ᠃ |