ᠥᠷᠭᠡᠨ ᠣᠯᠠᠨ ᠠᠷᠠᠳ ᠢᠷᠭᠡᠳ ᠲᠤ᠄ | 2025 ᠤᠨ ᠤ ᠰᠢᠯᠢ ᠶᠢᠨ ᠭᠤᠤᠯ ᠠᠶᠢᠮᠠᠭ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ | ᠶᠡᠷᠦᠩᠭᠡᠢ ᠰᠢᠢᠳᠪᠦᠷᠢᠳᠦ ᠤᠷᠤᠯᠳᠤᠭᠠᠨ ᠵᠢᠴᠢ ᠲᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠬᠡᠮᠯᠢᠭ ᠤᠨ | ᠮᠤᠷᠢᠨ ᠤᠷᠤᠯᠳᠤᠭᠠᠨ᠂ 2025 ᠲᠠᠶᠢᠹᠤᠰᠧ ᠬᠤᠰᠢᠭᠤ · ᠠᠯᠮᠠᠰ ᠤᠨ ᠵᠢᠵᠢᠭ ᠪᠠᠯᠭᠠᠰᠤ ᠲᠠᠭᠤᠴᠢᠳ ᠤᠨ | ᠴᠤᠭᠯᠠᠭᠠᠨ ᠤᠳᠠᠯ ᠦᠭᠡᠢ ᠶᠠᠪᠤᠬᠳᠠᠬᠤ ᠪᠠᠷ ᠪᠠᠶᠢᠭ᠎ᠠ᠃ ᠤᠯᠠᠨ ᠲᠦᠮᠡᠨ ᠤ ᠨᠠᠰᠢ ᠴᠠᠰᠢ ᠶᠠᠪᠤᠵᠤ ᠨᠠᠶᠢᠷ ᠨᠠᠭᠠᠳᠤᠮ | ᠢᠶᠠᠨ ᠰᠤᠨᠢᠷᠬᠠᠬᠤ ᠳᠤ ᠲᠦᠬᠦᠮ ᠦᠵᠡᠬᠦᠯᠬᠦ ᠶᠢᠨ ᠲᠦᠯᠦᠭᠡ᠂ ᠮᠠᠨ ᠤ ᠬᠤᠰᠢᠭᠤ ᠨᠢ ᠤᠷᠤᠯᠳᠤᠭᠠᠨ ᠨᠠᠭᠠᠳᠤᠮ | ᠤᠨ ᠶᠠᠪᠤᠭᠳᠠᠬᠤ ᠬᠤᠭᠤᠴᠠᠭᠠᠨ ᠳᠤ ᠨᠡᠶᠢᠳᠡ ᠶᠢᠨ ᠮᠠᠰᠢᠨ ᠤ ᠲᠤᠰᠬᠠᠢ ᠱᠤᠭᠤᠮ ᠢ ᠨᠡᠪᠳᠡᠷᠡᠬᠦᠯᠬᠦ ᠪᠠᠷ ᠲᠤᠭᠳᠠᠵᠠᠢ᠃ | ᠨᠠᠷᠢᠨ ᠪᠠᠶᠢᠳᠠᠯ ᠨᠢ ᠳᠣᠣᠷᠠᠬᠢ ᠮᠡᠲᠦ᠄ | ᠨᠢᠭᠡ᠂ 2025 ᠤᠨ ᠤ ᠰᠢᠯᠢ ᠶᠢᠨ ᠭᠤᠤᠯ ᠠᠶᠢᠮᠠᠭ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ | ᠶᠡᠷᠦᠩᠭᠡᠢ ᠰᠢᠢᠳᠪᠦᠷᠢᠳᠦ ᠤᠷᠤᠯᠳᠤᠭᠠᠨ ᠵᠢᠴᠢ ᠲᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠬᠡᠮᠯᠢᠭ ᠤᠨ | ᠮᠤᠷᠢᠨ ᠤᠷᠤᠯᠳᠤᠭᠠᠨ | 1. ᠨᠡᠪᠳᠡᠷᠡᠬᠦ ᠴᠠᠭ᠄ 2025 ᠣᠨ ᠤ 6 ᠰᠠᠷ᠎ᠠ ᠶᠢᠨ 28 ᠤ ᠡᠳᠦᠷ ᠠᠴᠠ 6 ᠰᠠᠷ᠎ᠠ ᠶᠢᠨ 30 ᠤ ᠡᠳᠦᠷ | | 2. ᠶᠠᠪᠤᠬᠤ ᠱᠤᠭᠤᠮ ᠄ ᠪᠤᠤᠴᠠᠩ ᠪᠠᠯᠭᠠᠰᠤ — ᠭᠦᠨᠪᠤᠯᠠᠭ ᠰᠤᠮᠤᠨ ᠤ ᠠᠳᠤᠭᠤᠨ ᠵᠤᠰᠠᠭᠠᠯ | ᠵᠢᠭᠤᠯᠴᠢᠯᠠᠯ ᠤᠨ ᠣᠷᠣᠨ | 3. ᠮᠤᠷᠳᠠᠬᠤ ᠴᠡᠭ᠄ ᠪᠤᠤᠴᠠᠩ ᠪᠠᠯᠭᠠᠰᠤᠨ ᠤ ᠬᠢᠨ ᠰᠣᠶᠣᠯ ᠤᠨ ᠲᠠᠯᠠᠪᠠᠢ ᠶᠢᠨ ᠪᠠᠷᠠᠭᠤᠨ ᠡᠮᠦᠨ᠎ᠡ ᠦᠨᠴᠦᠭ | ᠠᠴᠠ ᠮᠤᠷᠳᠠᠵᠤ᠂ ᠦᠷᠯᠦᠭᠡ ᠶᠢᠨ 7 ᠴᠠᠭ ᠠᠴᠠ ᠡᠬᠢᠯᠡᠨ᠂ 30 ᠮᠢᠨᠦ᠋ᠲ ᠲᠤ ᠨᠢᠭᠡ ᠤᠳᠠᠭ᠎ᠠ ᠶᠠᠪᠤᠨ᠎ᠠ᠃ | ᠬᠦᠨᠪᠤᠯᠠᠭ ᠰᠤᠮᠤᠨ ᠤ ᠬᠢᠨ ᠠᠳᠤᠭᠤᠨ ᠵᠤᠰᠠᠭᠠᠯ ᠵᠢᠭᠤᠯᠴᠢᠯᠠᠯ ᠤᠨ ᠣᠷᠣᠨ ᠠᠴᠠ ᠮᠤᠷᠳᠠᠵᠤ᠂ ᠦᠷᠯᠦᠭᠡ ᠶᠢᠨ 9 | ᠴᠠᠭ ᠠᠴᠠ ᠡᠬᠢᠯᠡᠨ 30 ᠮᠢᠨᠦ᠋ᠲ ᠲᠤ ᠨᠢᠭᠡ ᠤᠳᠠᠭ᠎ᠠ ᠶᠠᠪᠤᠨ᠎ᠠ᠃ | 4. ᠬᠤᠷᠢᠶᠠᠬᠤ ᠰᠦᠢᠳᠭᠡᠯ᠄ ᠬᠦᠮᠦᠨ ᠪᠦᠷᠢ ᠨᠢᠬᠡ ᠤᠳᠠᠭ᠎ᠠ ᠳᠤ 8 ᠲᠦᠬᠦᠷᠢᠭ᠃ | ᠬᠤᠶᠠᠷ᠂ 2025 ᠲᠠᠶᠢᠹᠤᠰᠧ ᠬᠤᠰᠢᠭᠤ · ᠠᠯᠮᠠᠰ ᠤᠨ ᠵᠢᠵᠢᠭ ᠪᠠᠯᠭᠠᠰᠤ ᠲᠠᠭᠤᠴᠢᠳ ᠤᠨ ᠴᠤᠭᠯᠠᠭᠠᠨ | 1. ᠨᠡᠪᠳᠡᠷᠡᠬᠦ ᠴᠠᠭ᠄ 2025 ᠣᠨ ᠤ 7 ᠰᠠᠷ᠎ᠠ ᠶᠢᠨ 18 ᠤ ᠡᠳᠦᠷ ᠠᠴᠠ 7 ᠰᠠᠷ᠎ᠠ ᠶᠢᠨ 21 ᠤ ᠡᠳᠦᠷ | 2. ᠶᠠᠪᠤᠬᠤ ᠱᠤᠭᠤᠮ ᠄ ᠪᠤᠤᠴᠠᠩ ᠪᠠᠯᠭᠠᠰᠤ — ᠭᠦᠨᠪᠤᠯᠠᠭ ᠰᠤᠮᠤᠨ ᠤ ᠠᠳᠤᠭᠤᠨ ᠵᠤᠰᠠᠭᠠᠯ | ᠵᠢᠭᠤᠯᠴᠢᠯᠠᠯ ᠤᠨ ᠣᠷᠣᠨ | 3. ᠮᠤᠷᠳᠠᠬᠤ ᠴᠡᠭ᠄ ᠪᠤᠤᠴᠠᠩ ᠪᠠᠯᠭᠠᠰᠤᠨ ᠤ ᠬᠢᠨ ᠰᠣᠶᠣᠯ ᠤᠨ ᠲᠠᠯᠠᠪᠠᠢ ᠶᠢᠨ ᠪᠠᠷᠠᠭᠤᠨ ᠡᠮᠦᠨ᠎ᠡ ᠦᠨᠴᠦᠭ | ᠠᠴᠠ ᠮᠤᠷᠳᠠᠵᠤ᠂ ᠦᠷᠯᠦᠭᠡ ᠶᠢᠨ 7 ᠴᠠᠭ ᠠᠴᠠ ᠡᠬᠢᠯᠡᠨ᠂ 30 ᠮᠢᠨᠦ᠋ᠲ ᠲᠤ ᠨᠢᠭᠡ ᠤᠳᠠᠭ᠎ᠠ ᠶᠠᠪᠤᠨ᠎ᠠ᠃ | ᠬᠦᠨᠪᠤᠯᠠᠭ ᠰᠤᠮᠤᠨ ᠤ ᠬᠢᠨ ᠠᠳᠤᠭᠤᠨ ᠵᠤᠰᠠᠭᠠᠯ ᠵᠢᠭᠤᠯᠴᠢᠯᠠᠯ ᠤᠨ ᠣᠷᠣᠨ ᠠᠴᠠ ᠮᠤᠷᠳᠠᠵᠤ᠂ ᠦᠷᠯᠦᠭᠡ ᠶᠢᠨ 9 | ᠴᠠᠭ ᠠᠴᠠ ᠡᠬᠢᠯᠡᠨ 30 ᠮᠢᠨᠦ᠋ᠲ ᠲᠤ ᠨᠢᠭᠡ ᠤᠳᠠᠭ᠎ᠠ ᠶᠠᠪᠤᠨ᠎ᠠ᠃ | 4. ᠬᠤᠷᠢᠶᠠᠬᠤ ᠰᠦᠢᠳᠭᠡᠯ᠄ ᠬᠦᠮᠦᠨ ᠪᠦᠷᠢ ᠨᠢᠬᠡ ᠤᠳᠠᠭ᠎ᠠ ᠳᠤ 8 ᠲᠦᠬᠦᠷᠢᠭ᠃ | ᠰᠠᠨᠠᠭᠤᠯᠬᠤ ᠨᠢ᠄ ᠭᠠᠳᠠᠨ᠎ᠠ ᠤᠷᠤᠨ ᠤ ᠵᠢᠭᠤᠯᠴᠢᠯᠠᠭᠴᠢ᠂ ᠢᠯᠠᠩᠭᠤᠶ᠎ᠠ ᠨᠠᠰᠤᠳᠠᠶᠢᠴᠤᠳ᠂ ᠵᠡᠮᠳᠡᠭᠴᠤᠳ᠂ | ᠵᠢᠷᠮᠦᠰᠦᠨ ᠪᠦᠰᠡᠬᠦᠢ ᠪᠠ ᠵᠢᠭᠠᠯ ᠬᠡᠦᠭᠡᠳ ᠲᠤ ᠤᠬᠠᠮᠰᠠᠷ ᠠᠴᠠ ᠪᠠᠨ ᠰᠠᠭᠤᠳᠠᠯ ᠵᠠᠶᠢᠯᠠᠨ ᠤᠷᠤ ᠲᠠᠯᠪᠢᠵᠤ᠂ | ᠲᠠᠯ᠎ᠠ ᠨᠤᠳᠤᠭ ᠤᠨ ᠦᠬᠢᠳ ᠬᠦᠪᠡᠬᠦᠳ ᠤᠨ ᠢᠶᠠᠨ ᠪᠤᠯᠪᠠᠰᠤᠨ ᠰᠠᠶᠢᠬᠠᠨ ᠵᠠᠩ ᠰᠤᠷᠳᠠᠯ ᠢ ᠬᠠᠷᠠᠭᠤᠯᠵᠠᠭᠠᠶᠠ᠃ | ᠦᠵᠡᠮᠵᠢ ᠶᠢᠨ ᠤᠷᠤᠨ ᠳᠤ ᠮᠦᠷᠯᠡᠨ ᠵᠢᠬᠰᠠᠬᠤ ᠳᠠᠭᠠᠨ ᠴᠤ ᠵᠤᠴᠢᠳ ᠵᠢᠭᠤᠯᠴᠢᠯᠠᠭᠴᠢᠳ ᠲᠤ ᠢᠯᠡᠬᠦᠦ ᠨᠠᠶᠢᠷ | ᠲᠠᠯᠪᠢᠵᠤ ᠂ ᠤᠬᠠᠮᠰᠠᠷ ᠠᠴᠠ ᠪᠠᠨ ᠬᠠᠯᠠᠮᠵᠢ ᠲᠡᠮᠵᠢᠯᠭᠡ ᠦᠵᠡᠬᠦᠯᠦᠨ᠂ ᠡᠶ᠎ᠡ ᠨᠠᠶᠢᠷ ᠲᠠᠢ ᠰᠠᠶᠢᠨ ᠰᠠᠶᠢᠬᠠᠨ | ᠠᠭᠤᠷ ᠠᠮᠢᠰᠬᠤᠯ ᠢ ᠬᠠᠮᠳᠤ ᠪᠠᠷ ᠪᠤᠢ ᠪᠤᠯᠭᠠᠶ᠎ᠠ᠃ ᠮᠦᠨ ᠴᠤ ᠨᠡᠶᠢᠳᠡ ᠶᠢᠨ ᠮᠠᠰᠢᠨ ᠳᠤ ᠰᠠᠭᠤᠵᠤ ᠠᠶᠠᠯᠠᠬᠤ | ᠳᠠᠭᠠᠨ ᠠᠷᠢᠭᠤᠨ ᠴᠡᠪᠡᠷ ᠢ ᠴᠢᠬᠤᠯᠠᠴᠢᠯᠠᠨ ᠂ ᠡᠮᠬᠢ ᠲᠢᠭᠯᠡᠮ ᠢ ᠠᠩᠬᠠᠷᠴᠤ᠂ ᠪᠤᠯᠪᠠᠰᠤᠨ ᠰᠤᠷᠳᠠᠯ ᠢ ᠡᠷᠬᠢᠮᠯᠡᠶ᠎ᠡ ᠃ | | | ᠲᠠᠶᠢᠹᠤᠰᠧ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ | 2025 ᠣᠨ ᠤ 6 ᠰᠠᠷ᠎ᠠ ᠶᠢᠨ 25 ᠤ ᠡᠳᠦᠷ | |