︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2025/6/4
    5 ᠰᠠᠷ᠎ᠠ ᠶᠢᠨ 30᠎ ᠤ ᠡᠳᠦᠷ᠂ ᠲᠠᠶᠢᠹᠤᠰᠧ ᠬᠤᠰᠢᠭᠤᠨ ᠤ 2025 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠶᠠᠪᠤᠭᠳᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠰᠦᠨ ᠶᠠᠨ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠵᠢᠴᠢ  ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠠᠵᠢᠯᠯᠠᠭᠠᠨ ᠤ ᠳᠤᠮᠳᠠ᠂ ᠠᠶᠤᠯᠭᠦᠢ ᠦᠢᠯᠡᠳᠪᠦᠷᠢᠯᠡᠯ ᠤᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠳᠡᠯᠡᠭᠰᠡᠨ ᠪᠦᠭᠡᠳ  ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠭᠡᠰᠢᠬᠦᠨ ᠨᠢᠭᠡᠴᠡ ᠶᠢᠨ ᠬᠢᠨ ᠭᠤᠤᠯ ᠰᠡᠳᠦᠪᠲᠦ ᠭᠠᠷ ᠤᠨ ᠦᠰᠦᠭ ᠵᠢᠷᠤᠬᠤ ᠰᠠᠮᠪᠠᠷ᠎ᠠ ᠳᠡᠭᠡᠷ᠎ᠡ ᠭᠠᠷ ᠤᠨ ᠦᠰᠦᠭ ᠵᠢᠷᠤᠵᠤ᠂ ︽ᠠᠮᠠᠯᠠᠯᠲᠠ ᠶᠢ ᠬᠡᠷᠡᠮ ᠳᠤ ᠭᠠᠷᠭᠠᠨ ᠬᠠᠷᠢᠭᠤᠴᠠᠯᠭ᠎ᠠ ᠶᠢ ᠰᠡᠳᠬᠢᠯ ᠳᠡᠭᠡᠨ ᠲᠠᠯᠪᠢᠬᠤ︾ ᠠᠷᠭ᠎ᠠ ᠬᠡᠯᠪᠡᠷᠢ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠤᠭᠰᠠᠨ ᠪᠠᠶᠢᠨ᠎ᠠ᠃ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠪᠣᠯᠤᠨ ᠯᠠᠨ ᠲᠢᠶᠠᠨ ᠠᠪᠤᠷᠠᠨ ᠲᠤᠰᠠᠯᠠᠬᠤ ᠠᠩᠭᠢ ᠶᠢᠨ ᠬᠢᠨ  ᠪᠠᠰᠠ   ᠠᠶᠤᠯ ᠠᠴᠠ ᠠᠪᠤᠷᠠᠬᠤ ᠪᠠᠭᠠᠵᠢ ᠲᠥᠬᠦᠭᠡᠷᠦᠮᠵᠢ ᠶᠢ ᠳᠡᠯᠭᠡᠨ ᠦᠵᠡᠭᠦᠯᠵᠦ᠂  ᠦᠢᠯᠡᠳᠦᠯ ᠴᠢᠳᠠᠮᠵᠢ ᠶᠢ ᠨᠢ ᠲᠠᠶᠢᠯᠪᠤᠷᠢᠯᠠᠭᠰᠠᠨ ᠪᠦᠭᠡᠳ ᠭᠤᠤᠯ ᠰᠡᠳᠦᠪᠲᠦ ᠦᠵᠡᠭᠦᠯᠭᠡ ᠶᠢᠨ ᠰᠠᠮᠪᠠᠷ᠎ᠠ ᠳᠡᠭᠡᠷ᠎ᠡ ᠭᠡᠷ ᠪᠦᠯᠢ ᠶᠢᠨ ᠴᠠᠬᠢᠯᠭᠠᠨ ᠬᠡᠷᠡᠭᠯᠡᠬᠦ᠂ ᠭᠠᠵᠠᠷ ᠬᠥᠳᠡᠯᠦᠯᠲᠡ ᠶᠢᠨ ᠠᠶᠤᠯ ᠠᠴᠠ ᠵᠠᠶᠢᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠬᠠᠮᠢᠶᠠᠳᠠᠢ ᠮᠡᠳᠡᠯᠭᠡ ᠶᠢ ᠲᠠᠨᠢᠯᠴᠠᠭᠤᠯᠪᠠ᠃  ᠡᠬᠦᠨ ᠤ ᠬᠠᠮᠳᠤ ᠡᠯ᠎ᠡ ᠲᠥᠷᠥᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ  ᠎ ᠢ 700 ᠭᠠᠷᠤᠶ ᠬᠤᠪᠢ ᠲᠠᠷᠬᠠᠭᠠᠵᠤ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠠᠮᠤᠷ ᠲᠦᠪᠰᠢᠨ ᠢ ᠬᠠᠯᠠᠮᠵᠢᠯᠠᠬᠤ᠂ ᠠᠮᠤᠷ ᠲᠦᠪᠰᠢᠨ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ  ᠪᠤᠯᠭᠠᠵᠠᠢ᠃  ᠡᠨᠡ ᠤᠳᠠᠭᠠᠨ ᠤ ᠠᠵᠢᠯᠯᠠᠭ᠎ᠠ ᠶᠢ ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠭᠤᠤᠯᠯᠠᠨ ᠡᠷᠬᠢᠯᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂  ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠪᠡ᠃ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠬᠤᠭᠤᠴᠠᠭᠠᠨ ᠳᠤ᠂ ᠲᠠᠶᠢᠹᠤᠰᠧ ᠬᠤᠰᠢᠭᠤᠨ ᠤ ᠬᠢᠨ ᠭᠤᠣᠯ ᠰᠡᠳᠦᠪ ᠤᠨ ᠲᠣᠭᠤᠷᠢᠨ ᠳᠤ ︽ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ︾ ︽ᠠᠶᠤᠯ ᠬᠡᠮ ᠎ ᠢ ᠠᠷᠢᠯᠭᠠᠬᠤ ᠪᠤᠯᠪᠠᠰᠤᠷᠠᠯ ᠰᠤᠷᠢᠯᠳᠠ ᠶᠢᠨ ᠠᠵᠢᠯᠯᠠᠠᠭ᠎ᠠ︾ ︽ᠠᠮᠤᠷ ᠲᠦᠪᠰᠢᠨ ᠤ ᠤᠬᠠᠭᠤᠯᠭ᠎ᠠ ᠶᠢᠨ ᠲᠠᠪᠤ ᠳᠤ ᠣᠷᠣᠬᠤ ᠠᠵᠢᠯᠯᠠᠭ᠎ᠠ︾᠎ ᠶᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠪᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠮᠤᠷ ᠲᠦᠪᠰᠢᠨ ᠤ ᠭᠡᠮ ᠰᠣᠭᠤᠭ ᠤᠨ ᠮᠡᠳᠡᠬᠦᠯᠦᠯᠳᠡ ᠪᠠ ᠱᠠᠩᠨᠠᠨ ᠵᠤᠷᠢᠬᠵᠢᠭᠤᠯᠬᠤ ᠲᠣᠭᠲᠠᠴᠠ ᠶᠢᠨ ᠤᠬᠠᠭᠤᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠢᠷᠭᠡᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠩᠭᠠᠳᠬᠠᠨ᠂ ᠡᠯ᠎ᠡ ᠲᠥᠷᠥᠯ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ ᠡᠯ᠎ᠡ ᠲᠥᠷᠥᠯ ᠤᠨ ᠤᠰᠤᠯ ᠠᠳᠡᠯ ᠢ ᠪᠦᠲᠦᠮᠵᠢᠲᠡᠢ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠎ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号