5 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ | ᠶᠦᠩ ᡁᠢ ᠲᠠᠶᠢᠹᠤᠰᠧ ᠬᠤᠰᠢᠭᠤᠨ ᠤ ᠪᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠠᠶᠢᠮᠠᠭ ᠢ ᠡᠬᠦᠳᠦᠨ ᠪᠠᠶᠢᠭᠤᠯᠬᠤ ᠠᠵᠢᠯ ᠤᠨ ᠵᠢᠱᠢᠶ᠎ᠡ ᠦᠵᠡᠭᠦᠯᠬᠦ ᠴᠡᠭ ᠪᠤᠯᠬᠤ ᠥᠪᠥᠷ | ᠮᠣᠩᠭᠤᠯ ᠤᠨ ᠰᠢᠤᠸᠠᠢ ᠵᠢᠶᠦ᠋ᠨ ᠳ᠋ᠧᠩᠯᠦ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠲᠣᠭᠤᠷᠢᠨ ᠦᠵᠡᠬᠦ᠂ | ᠶᠠᠷᠢᠯᠴᠠᠨ ᠰᠣᠯᠢᠯᠴᠠᠬᠤ ᠬᠡᠯᠪᠡᠷᠢ ᠪᠠᠷ ᠵᠢᠱᠢᠶ᠎ᠡ ᠦᠵᠡᠭᠦᠯᠬᠦ ᠴᠡᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ | ᠨᠠᠷᠢᠨ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠰᠠᠨᠠᠯ ᠰᠠᠨᠠᠭᠤᠯᠭ᠎ᠠ | ᠲᠤᠷᠠᠳᠤᠭᠰᠠᠨ ᠪᠠᠶᠢᠨ᠎ᠠ᠃ ᠵᠠᠩ ᠶᠦᠩ ᡁᠢ ᠴᠢᠬᠤᠯᠠᠴᠢᠯᠠᠬᠤ ᠳᠠᠭᠠᠨ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠪᠣᠯ ᠶᠡᠷᠦᠩᠬᠡᠢ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠦᠢᠯᠡᠳᠦᠯᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠠᠴᠢᠶᠠᠯᠠᠪᠤᠷᠢ ᠪᠣᠯᠤᠨ᠎ᠠ᠃ ᠵᠢᠱᠢᠶ᠎ᠡ ᠦᠵᠡᠭᠦᠯᠬᠦ ᠴᠡᠭ ᠨᠢ | ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠨ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠠᠷᠭ᠎ᠠ ᠪᠠᠷ | ᠠᠵᠢᠯᠯᠠᠭᠠᠨ ᠤ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠠᠵᠢᠯᠯᠠᠭᠠᠨ ᠤ ᠠᠭᠤᠯᠭ᠎ᠠ ᠶᠢ | ᠪᠠᠶᠠᠯᠢᠭᠵᠢᠭᠤᠯᠤᠨ᠂ ᠡᠭᠦᠳᠦᠨ ᠪᠠᠶᠢᠭᠤᠯᠬᠤ ᠠᠵᠢᠯ ᠤᠨ ᠬᠦᠨᠵᠡᠬᠡᠶᠢᠷᠡᠵᠦ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠣᠷᠣᠨ ᠨᠤᠲᠤᠭ ᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠵᠡᠷᠭᠡ | ᠭᠤᠣᠯᠳᠠᠯᠭ᠎ᠠ ᠲᠠᠢ ᠠᠵᠢᠯ ᠯᠤᠭ᠎ᠠ ᠨᠢᠭᠲᠠ ᠤᠶᠠᠯᠳᠤᠭᠤᠯᠵᠤ᠂ ᠠᠵᠤ ᠦᠢᠯᠡᠰ ᠤᠨ ᠬᠥᠭᠵᠢᠯᠲᠡ ᠪᠠᠷ | ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠲᠠᠶᠢᠴᠢᠯᠠᠨ᠂ | ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠠᠮᠵᠢᠯᠲᠠ ᠲᠠᠢ | ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ ᠳᠡᠳ᠋ ᠬᠤᠰᠢᠭᠤ ᠳᠠᠷᠤᠭ᠎ᠠ ᠾᠧ | ᠳ᠋ᠢᠩ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ᠂ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠵᠠᠶ᠃ |