ᠯᠦᠸᠧ ᠲᠦᠸᠧ ᠱᠠᠨ ᠪᠠᠯᠭᠠᠰᠤ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/4
   ᠤᠯᠤᠰ ᠤᠨ ᠤᠷᠢᠶᠠᠯᠠᠭ᠎ᠠ ᠶᠢ ᠳᠠᠭᠠᠵᠤ᠂ ᠵᠠᠯᠠᠭᠤᠴᠤᠳ ᠤᠨ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 6 ᠰᠠᠷ᠎ᠠ ᠶᠢᠨ 3 ᠤ ᠡᠳᠦᠷ ᠯᠦᠸᠧ ᠲᠦᠸᠧ ᠱᠠᠨ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠨᠢ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ ᠠᠵᠢᠯᠲᠠᠳ  ᠤᠬᠠᠭᠤᠯᠭ᠎ᠠ ᠶᠢᠨ ᠪᠢᠴᠢᠭᠡᠰᠦ ᠡᠯᠬᠦᠬᠦ᠂  ᠤᠬᠠᠭᠤᠯᠭ᠎ᠠ ᠶᠢᠨ ᠵᠠᠷᠯᠠᠯ ᠨᠠᠭᠠᠬᠤ᠂  ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠨᠡᠷ᠎ᠡ ᠮᠡᠳᠡᠭᠦᠯᠬᠦ ᠠᠷᠭ᠎ᠠ ᠵᠠᠮ᠂ ᠴᠡᠷᠢᠭ ᠲᠤ ᠣᠷᠣᠬᠤ ᠨᠥᠬᠦᠴᠡᠯ ᠪᠠᠷᠢᠮᠵᠢᠶ᠎ᠠ᠂ ᠠᠰᠠᠷᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠵᠡᠷᠭᠡ ᠶᠢ ᠲᠠᠶᠢᠯᠪᠤᠷᠢᠯᠠᠬᠤ ᠶᠢᠨ ᠬᠠᠮᠲᠤ᠂ ᠤᠯᠠᠨ ᠲᠦᠮᠡᠨ ᠤ ᠲᠤᠷᠠᠳᠤᠭᠰᠠᠨ ᠠᠰᠠᠭᠤᠯᠲᠠ ᠳᠤ ᠬᠠᠷᠢᠭᠤᠯᠲᠠ ᠥᠭᠴᠦ᠂  ᠴᠡᠷᠢᠭ ᠡᠯᠰᠡᠬᠦ ᠲᠦᠷᠦ ᠶᠢᠨ ᠪᠤᠳᠤᠯᠭ᠎ᠠ ᠶᠢ ᠠᠶᠢᠯ ᠡᠷᠦᠬᠡ ᠬᠥᠮᠦᠨ ᠨᠢᠬᠡᠪᠦᠷᠢ ᠳᠤ ᠲᠠᠨᠢᠭᠤᠯᠤᠨ᠂ ᠨᠡᠩ ᠤᠯᠠᠨ ᠰᠥᠰᠥ ᠵᠣᠷᠢᠭ ᠲᠠᠢ ᠵᠠᠯᠠᠭᠤᠴᠤᠳ ᠤᠨ ᠴᠡᠷᠢᠭ ᠲᠤ ᠤᠷᠤᠵᠤ᠂ ᠡᠬᠡ ᠤᠯᠤᠰ ᠲᠠᠭᠠᠨ ᠬᠦᠴᠦ ᠪᠠᠨ ᠡᠷᠭᠦᠬᠦ ᠶᠢ ᠵᠣᠷᠢᠭᠵᠢᠭᠤᠯᠪᠠ᠃ ᠳᠠᠷᠠᠭᠠᠴᠢ ᠶᠢᠨ ᠠᠯᠬᠤᠮ ᠳᠤ᠂ ᠲᠤᠰ ᠪᠠᠯᠭᠠᠰᠤ ᠨᠢ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠨᠢᠭᠡᠳᠦᠭᠡᠷ ᠹᠷᠣᠨᠲ ᠤᠨ ᠰᠠᠭᠤᠷᠢᠨ ᠭᠠᠵᠠᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ + ᠴᠡᠷᠢᠭ ᠡᠯᠰᠡᠬᠦ ᠤᠬᠠᠭᠤᠯᠭ᠎ᠠ︾  ᠶᠢ ᠰᠠᠶᠢᠨ ᠬᠢᠵᠦ᠂ ᠴᠡᠷᠢᠭ ᠡᠯᠰᠡᠬᠦ ᠠᠵᠢᠯ ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ  ᠲᠡᠭᠡᠭᠰᠢᠯᠡᠬᠦᠯᠬᠦ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号