ᠪᠦᠬᠦ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2025/6/5
    6 ᠰᠠᠷ᠎ᠠ ᠶᠢᠨ 4᠎ ᠤ ᠡᠳᠦᠷ᠂ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠨᠢ ᠪᠥᠬᠦ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠾᠧᠨᠠᠨ ᠮᠤᠵᠢ ᠶᠢᠨ ᠰᠢᠨ ᠶᠠᠩ ᠬᠤᠲᠠ᠂ ᠯᠦᠸᠧ ᠱᠠᠨ ᠰᠢᠶᠠᠨ ᠵᠢᠴᠢ ᠾᠧᠪᠸᠢ ᠮᠤᠵᠢ ᠶᠢᠨ ᠰᠠᠨ ᠾᠧ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠲᠠᠶᠢᠹᠤᠰᠧ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠎ ᠤ ᠬᠠᠮᠳᠤ᠂ ᠰᠡᠷᠡᠮᠵᠢᠯᠡᠭᠦᠯᠬᠦ ᠬᠥᠮᠦᠵᠢᠯ ᠤᠨ ᠺᠢᠨᠤ᠋ ᠹᠢᠯᠢᠮ ᠢ ᠲᠠᠯᠪᠢᠵᠤ ᠦᠵᠡᠬᠦᠯᠦᠭᠰᠡᠨ ᠪᠠᠶᠢᠨ᠎ᠠ᠃ ᠬᠤᠷᠠᠯ ᠠᠴᠠ ᠴᠢᠬᠤᠯᠠᠴᠢᠯᠠᠬᠤ ᠳᠠᠭᠠᠨ᠂  ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠡᠷᠡᠭ ᠤᠨ ᠵᠢᠱᠢᠶ᠎ᠡ ᠪᠠᠷ ᠶᠣᠰᠣ ᠮᠣᠷᠠᠯ ᠢ ᠶᠠᠷᠢᠬᠤ᠂ ᠬᠡᠷᠡᠭ ᠤᠨ ᠵᠢᠱᠢᠶ᠎ᠡ ᠪᠠᠷ ᠰᠠᠬᠢᠯᠭ᠎ᠠ ᠪᠠᠲᠤ ᠶᠢ ᠶᠠᠷᠢᠬᠤ᠂ ᠬᠡᠷᠡᠭ ᠤᠨ ᠵᠢᠱᠢᠶ᠎ᠡ ᠪᠠᠷ ᠬᠠᠤᠯᠢ ᠴᠠᠭᠠᠵᠠ ᠶᠢ ᠶᠠᠷᠢᠬᠤ᠂ ᠬᠡᠷᠡᠭ ᠤᠨ ᠵᠢᠱᠢᠶ᠎ᠡ ᠪᠠᠷ ᠡᠬᠦᠷᠭᠡ ᠬᠠᠷᠢᠭᠤᠴᠠᠯᠭ᠎ᠠ ᠶᠢ ᠶᠠᠷᠢᠬᠤ ᠶᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ  ᠲᠦᠷᠢᠮ ᠲᠤᠭᠳᠠᠭᠠᠯ  ᠎ ᠢ ᠡᠷᠡᠰ ᠰᠠᠬᠢᠭᠤᠯᠤᠨ᠂  ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠤᠯᠤᠰ ᠲᠦᠷᠦ ᠶᠢᠨ ᠪᠠ ᠪᠦᠬᠦ ᠲᠠᠯ᠎ᠠ ᠶᠢᠨ ᠦᠨᠳᠦᠷᠴᠡ ᠠᠴᠠ ᠰᠢᠨ᠎ᠡ ᠴᠠᠭ ᠦᠶ᠎ᠡ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠡᠷᠡᠭ ᠤᠨ ᠵᠢᠱᠢᠶ᠎ᠡ ᠪᠠᠷ ᠲᠤᠯᠢ ᠪᠣᠯᠭᠠᠬᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠳᠠᠯᠠᠨ᠂ ᠰᠠᠬᠢᠯᠭ᠎ᠠ ᠪᠠᠲᠤ ᠬᠠᠤᠯᠢ ᠲᠦᠷᠢᠮ ᠵᠥᠷᠢᠴᠡᠭᠰᠡᠨ ᠬᠡᠷᠡᠭ ᠤᠨ ᠬᠠᠷᠠᠰᠠᠯᠳᠤ ᠰᠤᠷᠭᠠᠮᠵᠢ ᠶᠢ ᠭᠦᠨᠵᠡᠭᠡᠢ ᠵᠠᠳᠠᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠢᠳᠤᠭᠠᠨ ᠢᠷ ᠢ ᠳᠣᠲᠣᠭᠰᠢ ᠬᠠᠨᠳᠤᠭᠤᠯᠬᠤ ᠶᠢ ᠪᠠᠷᠢᠮᠳᠠᠯᠠᠨ᠂ ᠲᠤᠰ ᠪᠡᠶ᠎ᠡ ᠶᠢᠨ ᠰᠠᠬᠢᠯᠭ᠎ᠠ ᠪᠠᠲᠤ ᠤᠪᠤᠷ ᠰᠤᠷᠲᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢᠶᠠᠨ ᠭᠦᠨᠵᠡᠭᠡᠢ ᠡᠷᠢᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠠᠴᠠ ᠨᠢ ᠵᠠᠰᠠᠬᠤ᠂ ᠶᠡᠷᠦᠩᠬᠡᠶᠢᠯᠡᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃   ᠶᠡᠭᠡ ᠲᠠᠯ᠎ᠠ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠡᠭᠦᠷᠭᠡ ᠶᠢ ᠲᠤᠪᠤᠶᠢᠯᠭᠠᠵᠦ᠂ ᠲᠡᠮᠦᠷ ᠮᠡᠲᠦ ᠰᠠᠬᠢᠯᠭ᠎ᠠ ᠪᠠᠲᠤ ᠪᠠᠷ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠳᠠᠯ ᠢ ᠡᠬᠦᠳᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠳᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃  ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠭᠡᠰᠢᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠵᠢᠴᠢ ᠪᠥᠬᠦ ᠬᠤᠰᠢᠭᠤᠨ ᠤ ᠳᠡᠳ᠋ ᠰᠠᠯᠠᠭᠠᠨ ᠲᠠᠰ ᠠᠴᠠ ᠳᠡᠭᠡᠭᠰᠢᠬᠢ ᠺᠠᠳ᠋ᠷᠴᠤᠳ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号