ᠶᠦᠩ ᠹᠧᠩ ᠪᠠᠯᠭᠠᠰᠤᠨ ᠤ ᠬᠢᠨ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾  ᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/5
   ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠬᠦᠷᠴᠦ ᠢᠷᠡᠬᠦ ᠲᠠᠰᠢᠷᠠᠮ ᠳᠤ ᠶᠦᠩ ᠹᠧᠩ ᠪᠠᠯᠭᠠᠰᠤᠨ ᠤ ᠡᠯ᠎ᠡ ᠲᠣᠰᠬᠤᠨ ᠨᠢ ︽ᠪᠢᠳᠡᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠠᠷᠠᠳ ᠢᠷᠭᠡᠳ ᠨᠢ ᠪᠠᠶᠠᠷ ᠬᠥᠷ ᠲᠠᠢ ᠥᠯᠵᠡᠶ ᠪᠡᠯᠭᠡ ᠲᠠᠢ ᠠᠭᠤᠷ ᠠᠮᠢᠰᠬᠤᠯ ᠤᠨ ᠳᠤᠮᠳᠠ ᠤᠯᠠᠮᠵᠢᠯᠠᠯᠲᠤ ᠪᠠᠶᠠᠷ ᠤᠨ ᠡᠳᠦᠷ ᠢᠶᠠᠨ ᠦᠩᠭᠡᠷᠡᠬᠦᠯᠵᠠᠶ᠃  ᠱᠠᠩ ᠫᠢ ᠹᠠᠩ ᠲᠣᠰᠬᠤᠨ ᠨᠢ ᠭᠤᠴᠤ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠡᠯᠡᠳᠭᠡᠵᠦ ᠰᠢᠨ᠎ᠡ ᠴᠠᠭ ᠦᠶ᠎ᠡ ᠶᠢᠨ ᠲᠠᠷᠢᠶᠠᠴᠢᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ  ᠢᠯᠡᠷᠡᠬᠦᠯᠦᠭᠰᠡᠨ ᠪᠦᠭᠡᠳ ᠦᠯᠵᠡᠶᠢᠳᠦ ᠪᠤᠭᠤᠷᠰᠤᠭ ᠪᠣᠭᠤᠬᠤ ᠤᠷᠤᠯᠳᠤᠭᠠᠨ ᠶᠠᠪᠤᠭᠤᠯᠵᠤ᠂ ᠲᠣᠰᠬᠤᠨ ᠤ ᠠᠷᠠᠳ ᠲᠠᠭᠠᠨ ᠦᠯᠵᠡᠶᠢᠳᠦ ᠪᠤᠭᠤᠷᠰᠤᠭ ᠬᠤᠪᠢᠶᠠᠨ᠂ ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠢ ᠳᠠᠮᠵᠢᠭᠤᠯᠪᠠ᠃ ᠲᠤᠰᠬᠤᠨ ᠤ ᠬᠢᠨ ᠪᠠᠰᠠ ᠬᠤᠰᠢᠭᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠣᠰᠬᠤᠨ ᠤ ᠠᠷᠠᠳ ᠲᠤ ᠴᠢᠰᠤᠨ ᠳᠠᠷᠤᠯᠲᠠ ᠬᠡᠮᠵᠢᠬᠦ᠂ ᠴᠢᠰᠤᠨ ᠰᠢᠬᠢᠷ  ᠢ ᠪᠠᠶᠢᠴᠠᠭᠠᠬᠤ᠂  ᠲᠤᠷᠠᠳᠤᠭᠰᠠᠨ ᠠᠰᠠᠭᠤᠯᠲᠠ ᠶᠢ ᠬᠠᠷᠢᠭᠤᠯᠬᠤ ᠮᠡᠳᠦ ᠶᠢᠨ ᠦᠢᠯᠡᠴᠢᠯᠡᠭᠡ ᠬᠠᠩᠭᠠᠭᠠᠳ ᠠᠷᠠᠳ ᠤᠯᠠᠨ ᠢᠶᠠᠨ ᠪᠠᠶᠠᠰᠬᠠᠭᠰᠠᠨ ᠪᠦᠭᠡᠳ ᠬᠤᠰᠢᠭᠤᠨ ᠤ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠰᠠᠶᠢᠨ ᠲᠤᠷ᠎ᠠ ᠶᠢᠨ ᠦᠢᠯᠡᠴᠢᠯᠡᠭᠴᠢ ᠨᠠᠷ ᠲᠠᠢ ᠬᠠᠷᠢᠯᠴᠠᠵᠤ᠂ ᠬᠦᠴᠢᠷᠳᠡᠯᠳᠡᠢ ᠡᠷᠦᠭᠡ ᠪᠤᠶᠤ ᠨᠠᠰᠤᠲᠠᠶᠢᠴᠤᠳ᠂ ᠵᠡᠮᠳᠡᠭᠴᠦᠳ ᠤᠨ ᠦᠰᠦ ᠬᠡᠵᠢᠭᠡ ᠶᠢ ᠨᠢ ᠦᠨ᠎ᠡ ᠲᠦᠯᠦᠪᠦᠷᠢ ᠥᠬᠡᠶ ᠵᠠᠰᠠᠵᠤ ᠦᠭᠬᠦᠭᠰᠡᠨ ᠪᠠᠶᠢᠨ᠎ᠠ  ᠃  ᠡᠬᠦᠨ ᠠᠴᠠ ᠭᠠᠳᠠᠨ᠎ᠠ᠂ ᠮᠠᠨ ᠲᠸᠦ ᠭᠸᠦ᠂ ᠰᠧ ᠾᠧ ᠵᠤᠸᠠᠩ ᠵᠡᠷᠭᠡ ᠪᠤᠰᠤᠳ ᠲᠣᠰᠬᠤᠨ ᠤ ᠬᠢᠨ ᠴᠤ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡᠨ ᠳᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢᠶᠠᠨ ᠦᠩᠭᠡᠷᠡᠬᠦᠯᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠤᠯᠠᠮᠵᠢᠯᠠᠯᠲᠤ ᠪᠠᠶᠠᠷ ᠤᠨ ᠡᠳᠦᠷ ᠢᠶᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠡᠪ ᠵᠠᠩᠰᠢᠯ ᠤᠨ ᠦᠬᠡᠷᠡᠴᠢᠯᠡᠯᠳᠡ᠂ ᠪᠣᠯᠪᠠᠰᠤᠨ ᠣᠷᠣᠰᠢᠭᠤᠯᠭ᠎ᠠ ᠵᠡᠷᠭᠡ ᠭᠤᠣᠯᠳᠠᠯᠭ᠎ᠠ ᠲᠠᠢ ᠠᠵᠢᠯ ᠯᠤᠭ᠎ᠠ ᠣᠷᠭᠠᠨᠢᠭ ᠢᠶᠠᠷ ᠤᠶᠠᠯᠳᠤᠭᠤᠯᠤᠨ᠂ ᠡᠯ᠎ᠡ ᠵᠦᠢᠯ ᠤᠨ ᠠᠷᠭ᠎ᠠ ᠬᠡᠯᠪᠡᠷᠢ ᠪᠠᠷ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠤᠬᠠᠭᠤᠯᠤᠨ ᠲᠡᠯᠬᠡᠷᠡᠬᠦᠯᠵᠡᠢ᠃ ᠡᠨᠡ ᠤᠳᠠᠭᠠᠨ ᠤ ᠰᠢᠷᠢᠰ ᠠᠵᠢᠯᠯᠠᠭ᠎ᠠ ᠨᠢ ᠠᠷᠠᠳ ᠢᠷᠭᠡᠳ ᠲᠤ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠨᠠᠩ ᠢᠯᠡᠭᠦᠤ ᠢᠯᠡᠷᠡᠬᠦᠯᠪᠡ᠃ ᠳᠠᠷᠠᠭᠠᠴᠢ ᠶᠢᠨ ᠠᠯᠬᠤᠮ ᠳᠤ᠂ ᠶᠦᠩ ᠹᠧᠩ ᠪᠠᠯᠭᠠᠰᠤ ᠨᠢ ᠪᠣᠯᠪᠠᠰᠤᠨ ᠤ ᠪᠠᠶᠢᠭᠤᠯᠤᠯᠳᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠭᠠᠵᠠᠷ ᠢ ᠠᠰᠢᠭᠯᠠᠨ᠂ ᠲᠣᠰᠬᠤᠨ ᠤ ︽ᠬᠤᠶᠠᠷ ᠵᠥᠪᠯᠡᠯ︾ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂  ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠵᠠᠩ ᠳᠠᠳᠬᠠᠯ ᠤᠨ ᠦᠬᠡᠷᠡᠴᠢᠯᠡᠯᠳᠡ ᠶᠢ ᠠᠬᠢᠭᠤᠯᠵᠤ᠂ ᠤᠯᠠᠨ ᠲᠦᠮᠡᠨ ᠤ ᠠᠵᠠ ᠵᠢᠷᠭᠠᠯ ᠤᠨ ᠲᠦᠷᠦᠭᠳᠡᠯ ᠪᠣᠯᠤᠨ ᠤᠯᠤᠯᠳᠠ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠲᠡᠭᠡᠭᠰᠢᠯᠡᠬᠦᠯᠬᠦ ᠪᠠᠷ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号