ᠲᠠᠶᠢᠹᠤᠰᠧ ᠬᠤᠰᠢᠭᠤ ︽ᠨᠢᠳᠦ ᠪᠠᠨ ᠬᠠᠶᠢᠷᠠᠯᠠᠬᠤ ᠡᠳᠦᠷ︾᠎ ᠤᠨ ᠭᠤᠤᠯ ᠰᠡᠳᠦᠪᠳᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/6/9
   6 ᠰᠠᠷ᠎ᠠ ᠶᠢᠨ 6᠎ ᠤ ᠡᠳᠦᠷ ᠪᠣᠯ ᠪᠥᠬᠦ ᠤᠯᠤᠰ ᠤᠨ ︽ᠨᠢᠳᠦ ᠪᠠᠨ ᠬᠠᠶᠢᠷᠠᠯᠠᠬᠤ ᠡᠳᠦᠷ︾ ᠪᠤᠯᠤᠨ᠎ᠠ᠂  ᠬᠡᠦᠭᠡᠳ ᠪᠠᠭᠠᠴᠤᠳ ᠤᠨ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠤᠬᠠᠮᠰᠠᠷ ᠢ ᠴᠢᠩᠭᠠᠳᠬᠠᠵᠤ᠂ ᠬᠡᠦᠭᠡᠳ ᠪᠠᠭᠠᠴᠤᠳ ᠤᠨ ᠨᠢᠳᠦᠨ ᠤ ᠡᠷᠡᠬᠦᠯ ᠢ ᠬᠠᠮᠠᠭᠠᠯᠠᠬᠤ ᠶᠢᠨ ᠲᠥᠯᠥᠭᠡ᠂  ᠲᠤᠰ ᠡᠳᠦᠷ ᠢᠶᠠᠷ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠳᠤᠷᠠᠨ᠂ ᠲᠠᠶᠢᠹᠤᠰᠧ ᠬᠤᠰᠢᠭᠤᠨ ᠤ ᠬᠤᠶᠠᠳᠤᠭᠠᠷ ᠬᠡᠦᠭᠡᠳ ᠤᠨ ᠴᠡᠴᠡᠷᠯᠢᠭ ᠲᠤ ︽ᠨᠢᠳᠦ ᠪᠠᠨ ᠬᠠᠶᠢᠷᠠᠯᠠᠬᠤ ᠡᠳᠦᠷ︾  ᠎ ᠤᠨ ᠭᠤᠣᠯ ᠰᠡᠳᠦᠪᠲᠦ ᠠᠵᠢᠯᠯᠠᠭ᠎ᠠ ᠦᠷᠨᠢᠬᠦᠯᠵᠡᠢ᠃  ᠬᠤᠰᠢᠭᠤ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠡᠮᠴᠢ ᠠᠴᠠ ᠲᠤᠰ ᠴᠡᠴᠡᠷᠯᠢᠭ ᠤᠨ 60 ᠭᠠᠷᠤᠶ ᠬᠡᠤᠬᠡᠳ ᠲᠤ ᠬᠠᠷᠠᠭᠠᠨ ᠤ ᠪᠠᠶᠢᠴᠠᠭᠠᠯᠲᠠ ᠬᠢᠵᠦ ᠦᠭᠬᠦᠭᠰᠡᠨ ᠪᠦᠭᠡᠳ ᠪᠠᠶᠢᠴᠠᠭᠠᠯᠳᠠ ᠶᠢᠨ ᠳ᠋ᠦᠩ ᠢ ᠬᠡᠤᠬᠡᠳ ᠤᠨ ᠴᠡᠴᠡᠷᠯᠢᠭ  ᠪᠤᠯᠤᠨ ᠬᠡᠷ ᠤᠨ ᠠᠬᠠᠮᠠᠳ ᠲᠤ ᠮᠡᠳᠡᠭᠳᠡᠵᠦ᠂  ᠡᠷᠡᠬᠦᠯ ᠨᠢᠳᠦ ᠪᠠᠨ ᠶᠠᠭᠠᠬᠢᠵᠤ ᠬᠠᠮᠠᠭᠠᠯᠠᠬᠤ᠂ ᠬᠠᠷᠠᠭ᠎ᠠ ᠮᠠᠭᠤᠳᠠᠪᠠᠯ ᠶᠠᠭᠠᠬᠢᠵᠤ ᠵᠠᠰᠠᠬᠤ ᠲᠤᠬᠠᠢ ᠨᠠᠷᠢᠨ ᠨᠢᠮᠪᠠᠢ ᠵᠢᠭᠠᠵᠤ ᠲᠠᠶᠢᠯᠪᠤᠷᠢᠯᠠᠭᠰᠠᠨ ᠪᠠᠶᠢᠨ᠎ᠠ᠃ ᠴᠡᠴᠡᠷᠯᠢᠭ ᠤᠨ ᠳᠡᠳ᠋ ᠵᠠᠬᠢᠷᠤᠯ ᠯᠢᠦ ᠶᠤᠸᠠᠨ ᠰᠤᠷᠪᠤᠯᠵᠢᠯᠠᠭ᠎ᠠ ᠬᠦᠯᠢᠶᠡᠬᠦ ᠳᠡᠭᠡᠨ᠄ ︽ ᠡᠨᠡᠬᠦ ᠠᠵᠢᠯᠯᠠᠭ᠎ᠠ ᠨᠢ ᠶᠡᠭᠡᠭᠡᠨ ᠤᠳᠬ᠎ᠠ ᠠᠭᠤᠯᠭ᠎ᠠ ᠲᠠᠢ ᠮᠦᠷᠲᠡᠭᠡᠨ ᠠᠴᠢ ᠬᠤᠯᠪᠤᠭᠳᠠᠯ ᠲᠠᠢ ᠪᠠᠶᠢᠭ᠎ᠠ᠃ ᠲᠤᠰᠬᠠᠶ ᠮᠡᠷᠭᠡᠵᠢᠯ ᠤᠨ ᠪᠠᠶᠢᠴᠠᠭᠠᠯᠲᠠ ᠪᠠᠷ ᠲᠠᠮᠵᠢᠭᠠᠳ  ᠪᠢᠳᠡ ᠬᠡᠦᠬᠡᠳ ᠤᠨ ᠬᠠᠷᠠᠭᠠᠨ ᠤ ᠪᠠᠶᠢᠳᠠᠯ ᠢ ᠨᠠᠩ ᠣᠨᠣᠪᠴᠢᠲᠠᠶ ᠡᠵᠡᠮᠰᠢᠵᠦ᠂ ᠳᠠᠯᠳᠠ ᠠᠰᠠᠭᠤᠳᠠᠯ ᠢ ᠡᠷᠲᠡ ᠢᠯᠡᠷᠡᠬᠦᠯᠦᠨ ᠡᠷᠲᠡ ᠵᠠᠰᠠᠵᠤ ᠲᠡᠶᠢᠯᠬᠦ ᠪᠤᠯᠤᠨ᠎ᠠ︾ ᠬᠡᠯ᠎ᠡ᠃   ᠬᠡᠦᠬᠡᠳ ᠪᠠᠭᠠᠴᠤᠳ ᠤᠨ ᠨᠢᠳᠦ ᠶᠢ ᠬᠠᠮᠠᠭᠠᠯᠠᠬᠤ ᠪᠣᠯ ᠳᠠᠷᠤᠢ ᠲᠡᠳᠡᠨ ᠤ ᠭᠡᠭᠡᠨ ᠰᠠᠷᠠᠭᠤᠯ ᠢᠷᠡᠭᠡᠳᠦᠢ ᠶᠢ ᠬᠠᠮᠠᠭᠠᠯᠠᠬᠤ ᠶᠠᠪᠤᠳᠠᠯ ᠮᠥᠨ᠃ ᠲᠠᠶᠢᠹᠤᠰᠧ ᠬᠤᠰᠢᠭᠤᠨ ᠤ   ᠵᠡᠮᠳᠡᠭᠴᠦᠳ ᠤᠨ ᠬᠤᠯᠪᠣᠭᠠᠲᠤ ᠬᠤᠷᠠᠯ ᠨᠢ ᠡᠶᠢᠨᠬᠦ ᠬᠡᠦᠭᠡᠳ ᠪᠠᠭᠠᠴᠤᠳ ᠤᠨ ᠨᠢᠳᠦᠨ ᠬᠠᠷᠠᠭ᠎ᠠ ᠶᠢ ᠬᠠᠮᠠᠭᠠᠯᠠᠬᠤ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠨ᠂ ᠪᠣᠳᠠᠲᠤ ᠠᠵᠢᠯᠯᠠᠭ᠎ᠠ ᠪᠠᠷ ᠢᠶᠠᠨ ︽ᠰᠠᠷᠠᠭᠤᠯ ᠲᠤᠩᠭᠠᠯᠠᠭ︾  ᠶᠢᠷᠲᠢᠨᠴᠦ ᠶᠢ ᠰᠠᠬᠢᠨ ᠬᠠᠮᠠᠭᠠᠯᠠᠬᠤ ᠳᠤ ᠬᠦᠴᠦᠨ ᠴᠢᠳᠠᠯ ᠢᠶᠠᠨ ᠨᠡᠮᠡᠷᠢᠯᠡᠬᠦ  ᠎ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号