ᠲᠠᠶᠢᠹᠤᠰᠧ ᠬᠤᠰᠢᠭᠤ  ︽ᠰᠦᠨ ᠨᠠᠭᠤᠷ︾᠎ ᠤᠨ ᠵᠢᠭᠤᠯᠴᠢᠯᠠᠯ ᠤᠨ ᠠᠵᠢᠯ ᠳᠤ ᠲᠣᠬᠢᠷᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2025/6/9
   6 ᠰᠠᠷ᠎ᠠ ᠶᠢᠨ 7᠎ ᠤ  ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ︽ᠰᠦᠨ ᠨᠠᠭᠤᠷ︾᠎ ᠤᠨ ᠵᠢᠭᠤᠯᠴᠢᠯᠠᠯ ᠤᠨ ᠲᠣᠬᠢᠷᠠᠭᠤᠯᠤᠯᠲᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ  ᠬᠦᠨᠵᠡᠬᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ︽ᠰᠦᠨ ᠨᠠᠭᠤᠷ︾᠎ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ᠂  ᠵᠢᠭᠤᠯᠴᠢᠯᠠᠭᠰᠠᠳ ᠢ ᠤᠭᠳᠤᠨ ᠵᠤᠴᠢᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠬᠠᠮᠢᠶ᠎ᠠ ᠪᠦᠬᠦᠢ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠠᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠶᠦᠩ ᡁᠢ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠢ ᠲᠡᠬᠦᠯᠳᠡᠷᠵᠢᠬᠦᠯᠦᠨ᠂ ᠵᠠᠮ ᠬᠠᠷᠢᠯᠴᠠᠭ᠎ᠠ᠂ ᠠᠮᠤᠷ ᠢ ᠬᠠᠮᠠᠭᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠵᠦ᠂  ᠡᠬᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠢᠭᠡᠳᠦᠯᠲᠡᠶ ᠲᠥᠯᠥᠪᠯᠡᠨ ᠬᠠᠮᠵᠢᠯᠴᠠᠵᠤ᠂ ᠵᠠᠬ᠎ᠠ ᠳᠡᠯᠭᠡᠭᠦᠷ᠂ ᠵᠠᠮ  ᠬᠠᠷᠢᠯᠴᠠᠭ᠎ᠠ᠂ ᠢᠳᠡᠭᠡᠨ ᠤᠮᠳᠠᠭᠠᠨ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠤᠭᠤᠯᠠᠩ ᠲᠠᠭᠠᠯᠠᠮᠵᠢᠲᠠᠶ ᠵᠢᠭᠤᠯᠴᠢᠯᠠᠯ ᠤᠨ ᠣᠷᠴᠢᠨ ᠲᠣᠭᠤᠷᠢᠨ ᠢ ᠡᠬᠦᠳᠴᠦ᠂ ᠰᠠᠶᠢᠨ ᠰᠠᠶᠢᠬᠠᠨ ᠲᠠᠶᠢᠹᠤᠰᠧ ᠬᠤᠰᠢᠭᠤᠨ ᠤ ᠳᠦᠷᠢ ᠳᠦᠷᠬᠦ ᠶᠢ ᠪᠤᠢ ᠪᠤᠯᠭᠠᠬᠤ ᠬᠡᠷᠡᠭᠳᠡᠢ᠃ ᠤᠬᠠᠭᠤᠯᠭ᠎ᠠ ᠵᠢᠯᠤᠭᠤᠳᠤᠯᠭ᠎ᠠ ᠎ ᠶᠢ ᠴᠢᠩᠭᠠᠳᠬᠠᠨ᠂ ᠬᠠᠮᠢᠶ᠎ᠠ ᠪᠥᠬᠦᠶ ᠰᠣᠶᠣᠯ ᠵᠢᠭᠤᠯᠴᠢᠯᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ  ︽ᠰᠦᠨ ᠨᠠᠭᠤᠷ︾᠎ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠨ᠂ ᠢᠵᠢ ᠪᠦᠷᠢᠳᠦᠭᠰᠡᠨ ᠲᠦᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂  ᠲᠠᠭᠠᠭᠤᠯᠵᠤ ᠵᠢᠯᠣᠭᠤᠳᠬᠤ ᠦᠢᠯᠡᠴᠢᠯᠡᠭᠡ ᠶᠢ ᠰᠢᠯᠢᠳᠡᠭᠵᠢᠬᠦᠯᠦᠨ᠂ ᠦᠵᠡᠮᠵᠢ ᠶᠢᠨ ᠣᠷᠣᠨ ᠤ ᠭᠡᠪ ᠴᠢᠨᠠᠷ ᠢ ᠲᠡᠭᠡᠭᠰᠢᠯᠡᠬᠦᠯᠦᠨ᠂ ︽ᠰᠦᠨ ᠨᠠᠭᠤᠷ︾᠎ ᠤᠨ ᠵᠢᠭᠤᠯᠴᠢᠯᠠᠯ ᠤᠨ ᠠᠯᠲᠠᠨ ᠢᠯᠡᠷᠭᠡᠶᠢᠯᠡᠯ ᠢ ᠪᠣᠶ ᠪᠣᠯᠭᠠᠬᠤ ᠬᠡᠷᠡᠭᠲᠡᠶ ᠬᠡᠵᠦ  ᠴᠢᠬᠤᠯᠠᠴᠢᠯᠠᠪᠠ᠃ ᠬᠤᠰᠢᠭᠤᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠡᠯ᠎ᠡ ᠰᠢᠶᠠᠩ ᠪᠠᠯᠭᠠᠰᠤᠨ ᠤ ᠤᠳᠤᠷᠢᠳᠤᠯᠭ᠎ᠠ᠂ ᠬᠦᠨᠪᠤᠯᠠᠭ ᠰᠤᠮᠤᠨ ᠤ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号