6 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠲᠠᠶᠢᠹᠤᠰᠧ ᠬᠤᠰᠢᠭᠤᠨ ᠳᠤ | ᠪᠠᠶᠢᠴᠠᠭᠠᠨ ᠰᠤᠳᠤᠯᠤᠯᠲᠠ ᠬᠢᠵᠦ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠣᠯᠠᠨ ᠲᠦᠮᠡᠨ ᠤ ᠢᠯᠡᠴᠢᠯᠡᠨ | ᠮᠡᠳᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠭᠤᠤᠯᠳᠠᠯᠭ᠎ᠠ ᠲᠠᠢ ᠲᠥᠷᠥᠯ ᠵᠦᠢᠯ ᠤᠨ | ᠪᠠᠶᠢᠭᠤᠯᠤᠯᠲᠠ ᠵᠡᠷᠭᠡ ᠠᠵᠢᠯ ᠢ ᠵᠢᠭᠠᠨ ᠵᠢᠯᠣᠭᠤᠳᠪᠠ᠃ ᠵᠠᠩ ᠪᠠᠢ ᠴᠧᠩ ᠶᠠᠭᠤᠨ ᠤ ᠤᠷᠢᠳ ᠹᠠᠨ ᠮᠤᠤ | ᠲᠣᠰᠬᠤᠨ ᠳᠤ ᠬᠦᠷᠴᠦ᠂ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠵᠡᠷᠭᠡ ᠪᠠᠶᠢᠳᠠᠯ ᠢ ᠨᠠᠷᠢᠨ | ᠤᠶᠢᠯᠠᠭᠠᠭᠰᠠᠨ ᠤ ᠬᠠᠮᠲᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠱᠠᠭᠠᠷᠳᠠᠯᠭ᠎ᠠ ᠳᠤᠷᠠᠳᠴᠠᠢ᠃ ᠵᠠᠩ ᠪᠠᠢ ᠴᠧᠩ | ᠠᠴᠠ᠂ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ | ᠶᠢ ᠴᠢᠩᠭ᠎ᠠ ᠨᠠᠶᠢᠳᠠᠪᠤᠷᠢᠵᠢᠭᠤᠯᠤᠨ᠂ ᠦᠨᠡᠨ ᠪᠣᠳᠠᠲᠠᠶ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ | ᠬᠤᠯᠪᠣᠭᠳᠠᠯ ᠪᠥᠬᠦᠶ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠢᠩᠭ᠎ᠠ ᠪᠠᠶᠢᠴᠠᠭᠠᠵᠤ ᠭᠦᠨᠵᠡᠭᠡᠶ | ᠰᠤᠳᠤᠯᠤᠨ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠴᠢᠨᠠᠷ ᠰᠠᠶᠢᠲᠠᠶ ᠥᠨᠳᠥᠷ | ᠪᠦᠲᠦᠮᠵᠢᠲᠡᠶ ᠪᠠᠷ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠳᠤ ᠬᠠᠨᠤᠮᠵᠢᠲᠠᠶ | ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠶ᠃ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ | ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠶᠢᠨ | ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠪᠣᠯᠤᠨ ᠠᠮᠢ ᠠᠬᠤᠢ ᠶᠢᠨ ᠰᠠᠶᠢᠨ ᠰᠠᠶᠢᠬᠠᠨ | ᠬᠤᠷᠰᠢᠯᠴᠠᠭ᠎ᠠ ᠶᠢ ᠪᠡᠶᠡᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃ ᠳᠠᠷᠠᠭ᠎ᠠ ᠨᠢ᠂ ᠵᠠᠩ ᠪᠠᠢ ᠴᠧᠩ ᠪᠠᠰᠠ ᠬᠤᠸᠠ | ᠬᠤᠢ ᠭᠤᠮ ᠤᠨ ᠦᠢᠯᠡᠳᠪᠦᠷᠢ᠂ ᠰᠢᠶᠤᠤ ᠪᠢᠶᠠᠨ ᠴᠢᠶᠠᠩ ᠲᠣᠰᠬᠤᠨ᠂ ᠵᠦᠩ ᠬᠤᠸᠠ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ | ᠲᠦᠷᠦᠯ ᠵᠦᠢᠯ ᠤᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠤᠶᠢᠯᠠᠭᠠᠵᠠᠢ᠃ ᠲᠡᠷᠡ | ᠴᠢᠬᠤᠯᠠᠴᠢᠯᠠᠬᠤ ᠳᠠᠭᠠᠨ᠂ ᠡᠮᠦᠨᠡᠲᠦ ᠬᠡᠰᠡᠭ ᠤᠨ ᠬᠤᠰᠢᠭᠤ ᠰᠢᠶᠠᠨ ᠤ ᠬᠢᠨ ᠣᠷᠣᠨ ᠪᠠᠶᠢᠷᠢ ᠶᠢᠨ | ᠳᠠᠪᠠᠭᠤᠯᠢᠭ ᠲᠠᠭᠠᠨ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠦᠬᠦᠭᠡᠷᠦᠮᠵᠢᠲᠦ | ᠲᠠᠷᠢᠶᠠᠯᠠᠩ ᠢ ᠬᠥᠭᠵᠢᠭᠦᠯᠵᠦ᠂ ᠵᠠᠬ᠎ᠠ ᠳᠡᠯᠭᠡᠭᠦᠷ ᠲᠠᠢ᠂ ᠪᠣᠷᠣᠯᠠᠭᠤᠯᠭ᠎ᠠ ᠶᠢᠨ ᠵᠠᠮ ᠲᠠᠢ ᠲᠣᠯᠣᠭᠠᠶᠢᠯᠠᠭᠴᠢ ᠠᠵᠤ | ᠠᠬᠤᠶᠢᠯᠠᠯ ᠢ ᠶᠡᠬᠡᠪᠡᠷ ᠤᠷᠢᠵᠤ ᠣᠷᠣᠭᠤᠯᠤᠨ᠂ ᠰᠢᠨ᠎ᠡ ᠮᠡᠷᠭᠡᠵᠢᠯ ᠰᠢᠨ᠎ᠡ ᠲᠥᠬᠦᠭᠡᠷᠦᠮᠵᠢ ᠶᠢ ᠲᠥᠪᠯᠡᠷᠡᠭᠦᠯᠦᠨ | ᠬᠡᠷᠡᠭᠯᠡᠬᠦ ᠪᠠᠨ ᠲᠦᠷᠭᠡᠳᠬᠡᠵᠦ᠂ ᠦᠢᠯᠡᠳᠪᠦᠷᠢᠯᠡᠯ ᠡᠳ᠋ᠰᠢᠭᠦᠯᠦᠯᠲᠡ ᠪᠣᠷᠣᠯᠠᠭᠤᠯᠭ᠎ᠠ ᠶᠢᠨ ᠠᠭᠤᠰᠤᠯᠴᠠᠯ ᠢ ᠠᠬᠢᠭᠤᠯᠤᠨ | ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠠᠰᠢᠭ ᠲᠤᠰᠠ ᠶᠢᠨ | ᠬᠤᠯᠪᠣᠭᠠᠨ ᠤ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠶᠢ ᠦᠷᠭᠦᠯᠵᠢᠯᠡᠨ ᠳᠠᠶᠢᠴᠢᠯᠠᠬᠤ ᠬᠡᠷᠡᠭᠲᠡᠢ ᠭᠡᠪᠠ᠃ ᠠᠶᠢᠮᠠᠭ ᠤᠨ ᠤᠳᠤᠷᠢᠳᠤᠯᠭ᠎ᠠ ᠶᠠᠩ ᠯᠢ᠂ ᠵᠣᠣ ᠹᠸᠢ | ᠫᠧᠩ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃ |