ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/7/1
  6 ᠰᠠᠷ᠎ᠠ ᠶᠢᠨ 25᠎ ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠨᠢ ᠨᠡᠷ᠎ᠡ ᠬᠦᠨᠳᠦᠲᠦ ᠯᠧᠺᠲ᠋ᠣᠷ ᠤᠳ ᠢ ᠵᠣᠬᠢᠶᠠᠨ ᠪᠠᠶᠢᠭᠤᠯᠵᠤ ᠲᠠᠶᠢᠹᠤᠰᠧ ᠬᠤᠰᠢᠭᠤᠨ ᠳᠤ ᠬᠦᠨᠵᠡᠬᠡᠶᠢᠷᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠪᠠᠰᠤᠷᠠᠯ ᠤᠨ ᠠᠩᠭᠢ ᠡᠷᠬᠢᠯᠡᠵᠡᠢ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠯᠪᠠᠰᠤᠷᠠᠯ ᠤᠨ ᠲᠥᠪ ᠤᠨ ᠳᠡᠳ᠋ ᠡᠷᠬᠢᠯᠡᠭᠴᠢ ᠵᠠᠩ ᡁᠢ ᠴᠢᠶᠠᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠦ᠂  ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ ᠪᠣᠯᠪᠠᠰᠤᠷᠠᠯ ᠤᠨ ᠠᠩᠭᠢ ᠨᠢ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ᠂ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠳ᠋ᠣᠺᠲ᠋ᠣᠷ ᠼᠦᠩ ᡁᠢ ᠴᠢᠶᠠᠩ᠂  ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠶᠢᠨ ᠵᠤᠷᠭᠠᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠭᠠᠵᠠᠷ ᠤᠨ ᠳᠠᠷᠤᠭ᠎ᠠ ᠸᠠᠩ ᠮᠤᠤ ᠯᠢᠨ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠰᠢᠨᠵᠢᠯᠡᠬᠦ ᠤᠬᠠᠭᠠᠨ ᠨᠡᠶᠢᠭᠡᠮ ᠤᠨ ᠬᠡᠯᠲᠡᠰ ᠤᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠴᠦᠨ ᠯᠢᠩ᠂  ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠡᠳᠬᠢᠴᠡ ᠶᠢᠨ ᠤᠬᠠᠭᠠᠨ ᠤ ᠬᠡᠯᠲᠡᠰ ᠤᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠯᠢᠨ ᠳ᠋ᠠᠨ ᠬᠤᠸᠠ  ᠎ ᠶᠢ ᠤᠷᠢᠵᠤ᠂ ᠬᠥᠳᠡᠭᠡ ᠲᠣᠰᠬᠤᠨ ᠤ ᠡᠵᠡᠩᠨᠡᠯᠲᠡ ᠳᠤ ᠰᠠᠭᠤᠷᠢᠯᠠᠭᠰᠠᠨ ᠪᠦᠳᠦᠭᠡᠯᠴᠢ ᠴᠢᠨᠠᠷᠳᠠᠢ ᠵᠢᠷᠤᠭ ᠲᠥᠯᠥᠪᠯᠡᠭᠡ ᠶᠢ ᠬᠢᠬᠦ ᠦᠢᠯᠡᠳᠦᠯᠭᠡ᠂ 2025 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠵᠡᠷᠭᠡ ᠭᠤᠤᠯ ᠰᠡᠳᠦᠪ ᠤᠨ ᠲᠣᠭᠤᠷᠢᠨ ᠳᠤ ᠬᠢᠴᠢᠶᠡᠯ ᠲᠠᠶᠢᠯᠤᠮᠵᠢ ᠬᠢᠯᠭᠡᠭᠰᠡᠨ ᠪᠠᠶᠢᠨ᠎ᠠ᠃  ᠡᠨᠡ ᠤᠳᠠᠭᠠᠨ ᠤ ᠪᠣᠯᠪᠠᠰᠤᠷᠠᠯ ᠨᠢ   ᠲᠠᠶᠢᠹᠤᠰᠧ ᠬᠤᠰᠢᠭᠤᠨ ᠤ ᠪᠤᠳᠠᠳᠤ ᠪᠠᠶᠢᠳᠠᠯ ᠳᠤ ᠨᠡᠶᠢᠴᠡᠭᠰᠡᠨ᠂ ᠠᠭᠤᠯᠭ᠎ᠠ ᠪᠠᠷ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠬᠢᠴᠢᠶᠡᠯ ᠪᠤᠯᠪᠠᠰᠤᠷᠠᠯ ᠪᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠴᠢᠭᠯᠡᠯᠲᠡ ᠪᠠᠶᠢᠷᠢᠯᠠᠭᠤᠯᠤᠯᠲᠠ ᠪᠠ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠠᠳ᠂ ᠡᠯ᠎ᠡ ᠱᠠᠲᠤᠨ ᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠠᠵᠢᠯ ᠤᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃  ᠪᠣᠯᠪᠠᠰᠤᠷᠠᠯ ᠳᠤ ᠤᠷᠤᠯᠴᠠᠭᠰᠠᠳ ᠪᠠᠰᠠ ᠰᠤᠷᠤᠯᠴᠠᠯᠭ᠎ᠠ ᠶᠢᠨ ᠠᠭᠤᠯᠭ᠎ᠠ ᠪᠠ ᠲᠠᠶᠢᠹᠤᠰᠧ ᠬᠤᠰᠢᠭᠤᠨ ᠤ ᠪᠣᠳᠠᠲᠤ ᠪᠠᠶᠢᠳᠠᠯ ᠤᠨ ᠲᠣᠭᠤᠷᠢᠨ ᠳᠤ ᠢᠳᠡᠪᠬᠢᠳᠡᠢ ᠪᠠᠷ ᠠᠰᠠᠭᠤᠯᠳᠠ ᠲᠤᠷᠠᠳᠤᠨ ᠪᠠᠭᠰᠢ ᠨᠠᠷ ᠲᠠᠢ ᠶᠠᠷᠢᠯᠴᠠᠵᠤ᠂ ᠰᠤᠷᠤᠯᠴᠠᠯᠭ᠎ᠠ ᠪᠣᠯᠪᠠᠰᠤᠷᠠᠯ ᠤᠨ ᠦᠷ᠎ᠡ ᠪᠦᠲᠦᠮᠵᠢ ᠶᠢ ᠴᠢᠩᠭᠠᠳᠬᠠᠪᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠯᠪᠠᠰᠤᠷᠠᠯ ᠤᠨ ᠲᠥᠪ ᠤᠨ ᠰᠤᠷᠤᠯᠴᠠᠯᠭ᠎ᠠ ᠪᠣᠯᠪᠠᠰᠤᠷᠠᠯ ᠤᠨ ᠭᠠᠵᠠᠷ ︵ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢ ᠬᠠᠮᠢᠶᠠᠷᠬᠤ ᠭᠠᠵᠠᠷ︶᠎ ᠤᠨ ᠳᠠᠷᠤᠭ᠎ᠠ ᠦ᠋ ᠯᠢ ᠵᠢᠶᠦ᠋ᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶᠠᠨ ᠤ ᠠᠯᠪᠠᠨ ᠭᠡᠷ ᠤᠨ ᠲᠡᠳ᠋ ᠡᠷᠬᠢᠯᠡᠭᠴᠢ ᠶᠠᠩ ᠪᠦᠸᠧ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠤᠯᠴᠠᠯᠭ᠎ᠠ ᠪᠣᠯᠪᠠᠰᠤᠷᠠᠯ ᠤᠨ ᠭᠠᠵᠠᠷ ︵ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢ ᠬᠠᠮᠢᠶᠠᠷᠬᠤ ᠭᠠᠵᠠᠷ︶᠎ ᠤᠨ  ᠺᠠᠳ᠋ᠷ ᠦ᠋ ᠮᠧᠩ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠭᠠᠵᠠᠷ ᠤᠨ ᠺᠠᠳ᠋ᠷ ᠯᠥᠸᠧ ᠴᠢ᠂  ᠲᠠᠶᠢᠹᠤᠰᠧ ᠬᠤᠰᠢᠭᠤᠨ ᠤ ᠭᠡᠰᠡᠭ ᠭᠠᠵᠠᠷ ᠤᠨ ᠲᠡᠰ ᠤᠨ ᠤᠳᠤᠷᠢᠳᠬᠤ  ᠺᠠᠳ᠋ᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠺᠠᠳ᠋ᠷ ᠠᠵᠢᠯᠳᠠᠨ᠂  ᠪᠦᠬᠦ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠭᠡᠰᠢᠭᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠠᠭᠠᠭᠤᠯᠤᠭᠴᠢ ᠵᠢᠴᠢ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠵᠡᠷᠭᠡ 560 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号