︽ᠠᠮᠤᠭᠤᠯᠠᠩ ᠬᠤᠨᠳᠠᠭᠠᠲᠤ︾ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠭᠰᠠᠨ
ᠨᠡᠶᠢᠲᠡᠯᠡᠭᠰᠡᠨ ᠴᠠᠭ᠄
2025/7/1
   ᠠᠶᠤᠯᠬᠦᠢ ᠦᠢᠯᠡᠳᠪᠦᠷᠢᠯᠡᠯ ᠤᠨ ᠬᠠᠤᠯᠢ ᠲᠦᠷᠢᠮ ᠤᠨ ᠮᠡᠳᠡᠯᠭᠡ ᠶᠢ ᠤᠯᠠᠮᠵᠢᠯᠠᠨ ᠲᠦᠭᠡᠮᠡᠯᠵᠢᠬᠦᠯᠵᠦ᠂ ᠪᠦᠬᠦ ᠠᠷᠠᠳ ᠤᠨ ᠠᠶᠤᠯᠬᠦᠢ ᠦᠢᠯᠡᠳᠪᠦᠷᠢᠯᠡᠯ ᠤᠨ ᠬᠠᠤᠯᠢ ᠲᠦᠷᠢᠮ ᠤᠨ ᠤᠬᠠᠮᠰᠠᠷ ᠪᠤᠯᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠨᠡᠮᠡᠭᠳᠡᠬᠦᠯᠬᠦ ᠶᠢᠨ ᠲᠦᠯᠦᠭᠡ᠂  6 ᠰᠠᠷ᠎ᠠ ᠶᠢᠨ 25᠎ ᠤ ᠡᠳᠦᠷ ᠲᠠᠶᠢᠹᠤᠰᠧ ᠬᠤᠰᠢᠭᠤᠨ ᠤ ᠬᠢᠨ 2025 ᠣᠨ ᠤ ︽ᠠᠮᠤᠭᠤᠯᠠᠩ ᠬᠤᠨᠳᠠᠭᠠᠲᠤ︾ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠡᠷᠬᠢᠯᠡᠪᠡ᠃  ᠡᠨᠡ ᠤᠳᠠᠭᠠᠨ ᠤ ᠤᠷᠤᠯᠳᠤᠭᠠᠨ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠨ᠎ᠠ — ᠳᠡᠷᠭᠡᠳᠡᠬᠢ ᠠᠮᠤᠷ ᠲᠦᠪᠰᠢᠨ ᠤ ᠬᠡᠮ ᠰᠤᠭᠤᠭ ᠢ ᠡᠷᠢᠬᠦ︾᠎ ᠪᠠᠷ ᠭᠤᠤᠯ ᠰᠡᠳᠦᠪ ᠪᠣᠯᠭᠠᠵᠤ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂  ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ 20 ᠠᠩᠭᠢ ᠨᠢᠭᠡᠴᠡ ᠣᠷᠣᠯᠴᠠᠵᠠᠶ᠃  ᠤᠷᠤᠯᠳᠤᠭᠠᠨ ᠤ ᠰᠡᠳᠦᠪ ᠎ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠲᠦᠷᠢᠮ︾ ᠵᠡᠷᠭᠡ ᠴᠢᠬᠤᠯᠠ ᠴᠢᠬᠤᠯᠠ ᠬᠠᠤᠯᠢ ᠲᠦᠷᠢᠮ ᠢ ᠬᠠᠮᠤᠷᠴᠤ᠂ ᠤᠷᠤᠯᠳᠤᠭᠠᠨ ᠳᠤ ᠣᠷᠣᠯᠴᠠᠭᠰᠠᠳ ᠤᠨ ᠠᠮᠤᠷ ᠲᠦᠪᠰᠢᠨ ᠤ ᠮᠡᠳᠡᠯᠭᠡ ᠶᠢᠨ ᠨᠥᠭᠡᠴᠡ ᠪᠠ ᠪᠣᠳᠠᠲᠠᠶ ᠬᠡᠷᠡᠭᠯᠡᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠰᠢᠯᠭᠠᠨ ᠪᠠᠶᠢᠴᠠᠭᠠᠭᠰᠠᠨ ᠪᠠᠶᠢᠨ᠎ᠠ᠃  ᠬᠤᠷᠴᠠ ᠰᠢᠷᠦᠭᠦᠨ ᠮᠥᠷᠦ᠋ᠢᠴᠡᠭᠡᠨ ᠢᠶᠠᠷ ᠲᠠᠮᠵᠢᠭᠠᠳ᠂ ᠯᠦᠸᠧ ᠲᠦᠸᠧ ᠱᠠᠨ  ᠪᠠᠯᠭᠠᠰᠤᠨ ᠤ ᠬᠢᠨ ᠲᠡᠷᠢᠬᠦᠯᠡᠵᠦ᠂ ᠶᠦᠩ ᠹᠧᠩ ᠪᠠᠯᠭᠠᠰᠤ᠂ ᠵᠠᠮ ᠬᠠᠷᠢᠯᠴᠠᠭᠠᠨ ᠤ ᠲᠤᠪᠴᠢᠶᠠᠨ ᠤ ᠬᠢᠨ ᠲᠡᠳ᠋ᠯᠡᠨ᠂ ᠬᠠᠤᠯᠢ ᠴᠠᠭᠠᠵᠠ ᠶᠢᠨ ᠲᠣᠪᠴᠢᠶ᠎ᠠ ᠂ ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠂  ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠢᠨ ᠭᠤᠷᠪᠠᠳᠤᠭᠠᠷ ᠲᠤ ᠰᠢᠯᠭᠠᠷᠠᠵᠠᠢ᠃  ᠡᠨᠡ ᠤᠳᠠᠭᠠᠨ ᠤ ᠠᠵᠢᠯᠯᠠᠭ᠎ᠠ ᠶᠢ ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠬᠢᠯᠡᠵᠦ᠂  ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠵᠠᠯᠠᠭᠤᠴᠤᠳ ᠪᠠᠭᠠᠴᠤᠳ ᠤᠨ ᠬᠦᠳᠡᠯᠪᠦᠷᠢ ᠠᠵᠢᠯᠯᠠᠭᠠᠨ ᠤ ᠲᠥᠪ ᠠᠴᠠ ᠳᠠᠭᠠᠭᠠᠴᠢᠯᠠᠨ ᠡᠷᠬᠢᠯᠡᠵᠡᠢ᠃ ᠤᠷᠤᠯᠳᠤᠭᠠᠨ ᠨᠢ ᠰᠢᠨ᠎ᠡ ᠶᠢ ᠡᠭᠦᠳᠬᠦ ᠬᠡᠯᠪᠡᠷᠢ ᠪᠠᠷ ᠠᠮᠤᠷ ᠲᠦᠪᠰᠢᠨ ᠤ ᠮᠡᠳᠡᠯᠭᠡ ᠶᠢ ᠲᠠᠷᠢᠬᠢᠨ ᠳᠤ ᠬᠠᠳᠠᠩᠰᠢᠭᠤᠯᠵᠤ᠂ ᠪᠥᠬᠦ ᠬᠤᠰᠢᠭᠤᠨ ᠤ ᠺᠠᠳ᠋ᠷ ᠠᠵᠢᠯᠲᠠᠨ ᠤ ᠠᠶᠤᠯᠭᠦᠶ ᠦᠶ᠋ᠯᠡᠳᠪᠦᠷᠢᠯᠡᠯ ᠤᠨ ᠮᠡᠳᠡᠯᠭᠡ ᠶᠢ ᠰᠤᠷᠤᠯᠴᠠᠬᠤ ᠬᠠᠯᠠᠭᠤᠨ ᠰᠡᠳᠬᠢᠯᠭᠡ ᠶᠢ ᠲᠠᠶᠢᠴᠢᠯᠠᠨ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠰᠢᠷᠢᠰ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠣᠯᠠᠨ ᠡᠰᠢᠵᠢᠭᠰᠡᠨ ᠦᠢᠯᠡᠳᠦᠯᠭᠡ ᠶᠢ ᠥᠷᠨᠢᠭᠦᠯᠵᠦ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ  ᠪᠠᠷ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠦᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ  ᠎ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号