ᠲᠦᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/7/1
  6 ᠰᠠᠷ᠎ᠠ ᠶᠢᠨ 27᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠶᠧ ᠶᠢᠨ ᠳ᠋ᠦᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠵᠠᠩ ᠶᠦᠩ ᡁᠢ᠂  ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠵᠠᠨ ᠪᠦᠦ ᠵᠡᠷᠭᠡ ᠲᠦᠷᠪᠡᠨ ᠶᠡᠭᠡ ᠪᠠᠭ ᠤᠨ ᠤᠳᠤᠷᠢᠳᠤᠯᠭ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠤᠷᠤᠯᠴᠠᠵᠤ ᠲᠦᠪ ᠤᠨ ᠨᠠᠢᠮᠠᠨ ᠲᠣᠭᠲᠠᠭᠠᠯ ᠤᠨ ᠲᠤᠰᠬᠠᠢ ᠰᠡᠳᠦᠪᠲᠦ ᠹᠢᠯᠢᠮ ᠎ ᠢ ᠦᠵᠡᠭᠰᠡᠨ ᠪᠦᠭᠡᠳ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠬᠠᠮᠳᠤ ᠳᠠᠭᠠᠨ ᠰᠤᠷᠤᠯᠴᠠᠵᠠᠢ᠃ ᠣᠯᠠᠨ ᠢᠶᠠᠷ ᠢᠶᠠᠨ᠂  ᠭᠡᠪ ᠳᠠᠭᠤᠷᠢᠶᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠴᠠᠭ ᠢᠮᠠᠭᠲᠠ  ᠰᠤᠨᠤᠷ ᠰᠡᠷᠡᠮᠵᠢ ᠲᠠᠢ ᠪᠠᠶᠢᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠂ ᠪᠣᠳᠠᠲᠠᠶ ᠶᠢ ᠡᠷᠬᠢᠮᠯᠡᠬᠦ ᠠᠷᠢᠭᠤᠨ ᠴᠢᠬᠡᠴᠢ ᠠᠵᠢᠯ ᠤᠨ ᠰᠤᠷᠲᠠᠯ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃ ᠰᠤᠷᠤᠯᠴᠠᠯᠭ᠎ᠠ ᠳᠠᠭᠤᠰᠤᠭᠰᠠᠨ ᠤ ᠳᠠᠷᠠᠭ᠎ᠠ᠂ ᠴᠧᠨ ᠶᠠᠨ ᠪᠦᠦ ᠣᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠡᠷᠬᠢᠴᠡᠬᠦᠯᠦᠨ ᠤᠩᠰᠢᠭᠰᠠᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ ᠎ ᠶᠢ ᠬᠦᠨᠵᠡᠬᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠭᠡᠰᠢᠬᠦᠨ ᠲᠦᠮᠡᠨᠭᠡᠷᠡᠯ᠂ ᠸᠠᠩ ᠬᠠᠶ ᠯᠢᠨ᠂  ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠵᠡᠷᠭᠡ ᠬᠤᠰᠢᠭᠤ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号