6 ᠰᠠᠷ᠎ᠠ ᠶᠢᠨ 28 ᠤ ᠡᠳᠦᠷ ᠠᠴᠠ 29 ᠤ ᠡᠳᠦᠷ᠂ ︽ᠠᠶᠠᠯᠭᠤᠳᠤ ᠵᠢᠭᠤᠯᠴᠢᠯᠠᠯ ᠥᠪᠥᠷ ᠮᠣᠩᠭᠤᠯ︾ | 2025 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠶᠡᠷᠦᠩᠬᠡᠢ | ᠰᠢᠢᠳᠪᠦᠷᠢᠲᠦ ᠤᠷᠤᠯᠳᠤᠭᠠᠨ ᠲᠠᠶᠢᠹᠤᠰᠧ ᠬᠤᠰᠢᠭᠤᠨ ᠳᠤ ᠠᠮᠵᠢᠯᠲᠠ ᠲᠠᠢ ᠶᠠᠪᠤᠭᠳᠠᠵᠤ ᠦᠩᠭᠡᠷᠡᠯ᠎ᠡ᠃ ᠬᠤᠶᠠᠷ | ᠡᠳᠦᠷ ᠤᠨ ᠬᠤᠭᠤᠴᠠᠭ᠎ᠠ ᠲᠠᠢ ᠤᠷᠤᠯᠳᠤᠭᠠᠨ ᠨᠠᠭᠠᠳᠤᠮ ᠳᠤ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ | ᠤᠷᠤᠨ︶ ᠶᠢᠨ 500 ᠭᠠᠷᠤᠶ ᠲᠠᠮᠢᠷᠴᠢᠨ ᠣᠷᠣᠯᠴᠠᠵᠤ᠂ ᠤᠯᠠᠮᠵᠢᠯᠠᠯ ᠰᠢᠨᠡᠴᠢᠯᠡᠯ ᠢ ᠤᠶᠠᠯᠳᠤᠭᠤᠯᠤᠭᠰᠠᠨ 8 | ᠲᠦᠷᠦᠯ ᠤᠨ ᠤᠷᠤᠯᠳᠤᠭᠠᠨ ᠲᠡᠮᠡᠴᠡᠭᠡᠨ ᠳᠤ ᠬᠤᠷᠴᠠ ᠰᠢᠷᠦᠬᠦᠨ ᠦᠷᠢᠰᠦᠯᠳᠦᠭᠡᠳ᠂ ᠮᠣᠷᠢᠨ ᠨᠢᠷᠤᠭᠤᠨ | ᠳᠡᠭᠡᠷᠡᠬᠢ ᠦᠪᠡᠳᠡᠭᠰᠢ ᠨᠠᠶᠢᠷ ᠢᠶᠠᠷ ᠢᠶᠠᠨ ᠳᠥᠷᠪᠡᠨ ᠵᠦᠭ ᠤᠨ ᠵᠣᠴᠢᠳ ᠵᠢᠭᠤᠯᠴᠢᠯᠠᠭᠴᠢᠳ ᠢ ᠪᠠᠶᠠᠰᠬᠠᠵᠠᠢ᠃ ᠡᠨᠡ | ᠤᠳᠠᠭᠠᠨ ᠤ ᠰᠢᠢᠳᠪᠦᠷᠢᠳᠦ ᠤᠷᠤᠯᠳᠤᠭᠠᠨ ᠳᠤ ᠮᠣᠩᠭᠤᠯ ᠮᠣᠷᠢᠨ ᠤ 30 ᠺᠢᠯᠤᠮᠧᠲᠷ ᠤᠨ ᠤᠷᠤᠯᠳᠤᠭᠠᠨ᠂ 9.6 | ᠺᠢᠯᠤᠮᠧᠲᠷ ᠤᠨ ᠪᠤᠤᠬᠢᠶ᠎ᠠ ᠤᠷᠤᠯᠳᠤᠭᠠᠨ᠂ ᠵᠢᠷᠤᠭ᠎ᠠ ᠮᠤᠷᠢᠨ ᠤ ᠤᠷᠤᠯᠳᠤᠭᠠᠨ᠂ ᠰᠦᠯᠵᠢᠨ ᠲᠣᠭᠤᠷᠢᠬᠤ | ᠤᠷᠤᠯᠳᠤᠭᠠᠨ ᠂ ᠤᠯᠠᠮᠵᠢᠯᠠᠯᠳᠤ ᠨᠠᠮᠨᠠᠭ᠎ᠠ ᠶᠢᠨ ᠤᠷᠤᠯᠳᠤᠭᠠᠨ ᠵᠢᠴᠢ ᠬᠠᠳᠠᠭ ᠰᠢᠬᠦᠷᠬᠦ᠂ ᠡᠮᠨᠢᠭ ᠰᠤᠷᠭᠠᠬᠤ᠂ | ᠰᠠᠭᠠᠳ ᠲᠠᠪᠠᠭ᠋ᠤ ᠵᠡᠷᠭᠡ ᠲᠥᠷᠥᠯ ᠵᠦᠢᠯ ᠢ ᠲᠤᠬᠢᠷᠠᠭᠤᠯᠤᠭᠰᠠᠨ ᠪᠠᠶᠢᠨ᠎ᠠ᠃ ᠬᠤᠷᠴᠠ ᠰᠢᠷᠦᠭᠦᠨ | ᠥᠷᠢᠰᠥᠯᠳᠦᠭᠡᠨ ᠢᠶᠠᠷ ᠲᠠᠮᠵᠢᠭᠠᠳ᠂ 30 ᠺᠢᠯᠤᠮᠧᠲᠷ ᠤᠨ ᠤᠷᠤᠯᠳᠤᠭᠠᠨ ᠳᠤ ᠰᠥᠨᠢᠳ ᠪᠠᠷᠠᠭᠤᠨ ᠬᠤᠰᠢᠭᠤᠨ ᠤ | ᠦᠷᠯᠦᠭ ᠤᠨ ᠮᠤᠷᠢ ᠮᠠᠩᠨᠠᠢ ᠳᠠᠭᠠᠨ ᠲᠤᠭᠤᠰᠤ ᠬᠦᠷᠭᠡᠯ ᠦᠬᠡᠢ ᠬᠤᠷᠳᠤᠯᠠᠵᠤ᠂ 9.6 ᠺᠢᠯᠤᠮᠧᠲᠷ ᠤᠨ ᠪᠤᠤᠬᠢᠶ᠎ᠠ | ᠤᠷᠤᠯᠳᠤᠭᠠᠨ ᠳᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠥᠯᠥᠭᠡᠯᠡᠭᠴᠢᠳ ᠤᠨ ᠠᠩᠭᠢ᠂ ᠰᠦᠯᠵᠢᠨ | ᠲᠤᠭᠤᠷᠢᠬᠤ ᠮᠡᠷᠭᠡᠵᠢᠯ ᠤᠨ ᠤᠷᠤᠯᠳᠤᠭᠠᠨ ᠳᠤ ᠰᠢᠯᠢ ᠶᠢᠨ ᠬᠤᠳᠠ ᠶᠢᠨ ᠭᠠᠩᠬᠤᠶᠠᠭ ᠤᠨ ᠮᠤᠷᠢ᠂ ᠤᠯᠠᠮᠵᠢᠯᠠᠯᠳᠤ | ᠨᠠᠮᠨᠠᠭ᠎ᠠ ᠶᠢᠨ ᠤᠷᠤᠯᠳᠤᠭᠠᠨ ᠳᠤ ᠰᠦᠨᠢᠳ ᠵᠡᠭᠦᠨ ᠬᠤᠰᠢᠭᠤᠨ ᠤ ᠠᠯᠳᠠᠨᠰᠦ᠋ᠯᠳᠡ᠂ ᠬᠠᠳᠠᠭ ᠰᠢᠬᠦᠷᠬᠦ | ᠤᠷᠤᠯᠳᠤᠭᠠᠨ ᠳᠤ ᠣᠯᠠᠭᠠᠢ ᠬᠠᠮᠢᠶᠠᠷᠣᠯᠳᠠ ᠶᠢᠨ ᠣᠷᠣᠨ ᠤ ᠦᠬᠡᠳᠡᠯᠡᠬᠦ᠂ ᠡᠮᠨᠢᠭ ᠰᠤᠷᠭᠠᠬᠤ ᠤᠷᠤᠯᠳᠤᠭᠠᠨ ᠳᠤ | ᠵᠡᠭᠦᠨ ᠦᠵᠦᠮᠦᠴᠢᠨ ᠬᠤᠰᠢᠭᠤᠨ ᠤ ᠲᠥᠯᠥᠭᠡᠯᠡᠭᠴᠢᠳ ᠤᠨ ᠠᠩᠭᠢ ᠂ ᠵᠢᠷᠤᠭ᠎ᠠ ᠮᠣᠷᠢᠨ ᠤ ᠤᠷᠤᠯᠳᠤᠭᠠᠨ ᠳᠤ | ᠲᠤᠯᠤᠨ ᠨᠣᠣᠷ ᠰᠢᠶᠠᠨ ᠤ ᠵᠢᠭᠮᠢᠳ ᠤᠨ ᠮᠤᠷᠢ᠂ ᠮᠤᠷᠢ ᠬᠦᠳᠦᠯᠵᠦ ᠰᠠᠭᠠᠳ ᠲᠠᠪᠠᠭ᠋ᠤ ᠤᠷᠤᠯᠳᠤᠭᠠᠨ ᠳᠤ ᠪᠠᠷᠠᠭᠤᠨ | ᠦᠵᠦᠮᠦᠴᠢᠨ ᠬᠤᠰᠢᠭᠤᠨ ᠤ ᠲᠥᠯᠥᠭᠡᠯᠡᠭᠴᠢᠳ ᠤᠨ ᠠᠩᠭᠢ ᠲᠡᠷᠢᠬᠦᠨ ᠪᠠᠶᠢᠷᠢ ᠳᠤ ᠰᠢᠯᠭᠠᠷᠠᠭᠰᠠᠨ ᠪᠠᠶᠢᠨ᠎ᠠ᠃ |