ᠠᠶᠤᠯᠬᠦᠢ ᠦᠢᠯᠡᠳᠪᠦᠷᠢᠯᠡᠯ ᠤᠨ ᠬᠠᠤᠯᠢ ᠲᠦᠷᠢᠮ ᠤᠨ ᠮᠡᠳᠡᠯᠭᠡ ᠶᠢ ᠤᠯᠠᠮᠵᠢᠯᠠᠨ ᠲᠦᠭᠡᠮᠡᠯᠵᠢᠬᠦᠯᠵᠦ᠂ ᠪᠦᠬᠦ | ᠠᠷᠠᠳ ᠤᠨ ᠠᠶᠤᠯᠬᠦᠢ ᠦᠢᠯᠡᠳᠪᠦᠷᠢᠯᠡᠯ ᠤᠨ ᠬᠠᠤᠯᠢ ᠲᠦᠷᠢᠮ ᠤᠨ ᠤᠬᠠᠮᠰᠠᠷ ᠪᠤᠯᠤᠨ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠨᠡᠮᠡᠭᠳᠡᠬᠦᠯᠬᠦ ᠶᠢᠨ ᠲᠦᠯᠦᠭᠡ᠂ 6 ᠰᠠᠷ᠎ᠠ ᠶᠢᠨ 25 ᠤ ᠡᠳᠦᠷ | ᠲᠠᠶᠢᠹᠤᠰᠧ ᠬᠤᠰᠢᠭᠤᠨ ᠤ ᠬᠢᠨ 2025 ᠣᠨ ᠤ ︽ᠠᠮᠤᠭᠤᠯᠠᠩ ᠬᠤᠨᠳᠠᠭᠠᠲᠤ︾ ᠠᠶᠤᠯᠭᠦᠶ ᠦᠢᠯᠡᠳᠪᠦᠷᠢᠯᠡᠯ ᠤᠨ | ᠮᠡᠳᠡᠯᠭᠡ ᠶᠢᠨ ᠤᠷᠤᠯᠳᠤᠭᠠᠨ ᠡᠷᠬᠢᠯᠡᠪᠡ᠃ ᠡᠨᠡ ᠤᠳᠠᠭᠠᠨ ᠤ ᠤᠷᠤᠯᠳᠤᠭᠠᠨ ᠨᠢ ︽ᠬᠥᠮᠦᠨ ᠪᠦᠬᠦᠨ ᠠᠮᠤᠷ | ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠨ᠎ᠠ — ᠳᠡᠷᠭᠡᠳᠡᠬᠢ ᠠᠮᠤᠷ ᠲᠦᠪᠰᠢᠨ ᠤ | ᠬᠡᠮ ᠰᠤᠭᠤᠭ ᠢ ᠡᠷᠢᠬᠦ︾ ᠪᠠᠷ ᠭᠤᠤᠯ ᠰᠡᠳᠦᠪ ᠪᠣᠯᠭᠠᠵᠤ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ | ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ 20 ᠠᠩᠭᠢ ᠨᠢᠭᠡᠴᠡ ᠣᠷᠣᠯᠴᠠᠵᠠᠶ᠃ ᠤᠷᠤᠯᠳᠤᠭᠠᠨ ᠤ ᠰᠡᠳᠦᠪ | ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠲᠦᠷᠢᠮ︾ ᠵᠡᠷᠭᠡ ᠴᠢᠬᠤᠯᠠ ᠴᠢᠬᠤᠯᠠ ᠬᠠᠤᠯᠢ | ᠲᠦᠷᠢᠮ ᠢ ᠬᠠᠮᠤᠷᠴᠤ᠂ ᠤᠷᠤᠯᠳᠤᠭᠠᠨ ᠳᠤ ᠣᠷᠣᠯᠴᠠᠭᠰᠠᠳ ᠤᠨ ᠠᠮᠤᠷ ᠲᠦᠪᠰᠢᠨ ᠤ ᠮᠡᠳᠡᠯᠭᠡ ᠶᠢᠨ ᠨᠥᠭᠡᠴᠡ ᠪᠠ | ᠪᠣᠳᠠᠲᠠᠶ ᠬᠡᠷᠡᠭᠯᠡᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠰᠢᠯᠭᠠᠨ ᠪᠠᠶᠢᠴᠠᠭᠠᠭᠰᠠᠨ ᠪᠠᠶᠢᠨ᠎ᠠ᠃ ᠬᠤᠷᠴᠠ | ᠰᠢᠷᠦᠭᠦᠨ ᠮᠥᠷᠦ᠋ᠢᠴᠡᠭᠡᠨ ᠢᠶᠠᠷ ᠲᠠᠮᠵᠢᠭᠠᠳ᠂ ᠯᠦᠸᠧ ᠲᠦᠸᠧ ᠱᠠᠨ ᠪᠠᠯᠭᠠᠰᠤᠨ ᠤ ᠬᠢᠨ ᠲᠡᠷᠢᠬᠦᠯᠡᠵᠦ᠂ ᠶᠦᠩ | ᠹᠧᠩ ᠪᠠᠯᠭᠠᠰᠤ᠂ ᠵᠠᠮ ᠬᠠᠷᠢᠯᠴᠠᠭᠠᠨ ᠤ ᠲᠤᠪᠴᠢᠶᠠᠨ ᠤ ᠬᠢᠨ ᠲᠡᠳ᠋ᠯᠡᠨ᠂ ᠬᠠᠤᠯᠢ ᠴᠠᠭᠠᠵᠠ ᠶᠢᠨ ᠲᠣᠪᠴᠢᠶ᠎ᠠ ᠂ | ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠂ | ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠢᠨ ᠭᠤᠷᠪᠠᠳᠤᠭᠠᠷ ᠲᠤ ᠰᠢᠯᠭᠠᠷᠠᠵᠠᠢ᠃ | ᠬᠠᠤᠯᠢ ᠴᠠᠭᠠᠵᠠ ᠶᠢᠨ ᠲᠣᠪᠴᠢᠶᠠᠨ ᠤ ᠠᠵᠢᠯᠳᠠᠨ ᠵᠠᠩ ᠪᠥᠸᠧ ᠰᠢᠤᠸᠠᠢ ᠄ ︽ᠤᠷᠤᠯᠳᠤᠭᠠᠨ ᠳᠤ | ᠤᠷᠤᠯᠴᠠᠭᠠᠳ ᠠᠮᠤᠷ ᠲᠥᠪᠰᠢᠨ ᠤ ᠠᠵᠢᠯ ᠤᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠯ᠎ᠠ᠃ ᠬᠤᠶᠢᠰᠢᠳᠠ ᠶᠢᠨ | ᠠᠵᠢᠯ ᠤᠨ ᠳᠤᠮᠳᠠ ᠪᠠᠨ ᠰᠤᠷᠴᠤ ᠡᠵᠡᠮᠰᠢᠭᠰᠡᠨ ᠠᠮᠤᠷ ᠲᠦᠪᠰᠢᠨ ᠤ ᠮᠡᠳᠡᠯᠭᠡ ᠪᠠᠨ ᠪᠣᠳᠠᠲᠠᠢ ᠲᠡᠭᠡᠷ᠎ᠡ ᠬᠡᠷᠡᠭᠯᠡᠵᠦ᠂ | ᠪᠠᠶᠢᠭᠤᠯᠭ᠎ᠠ ᠶᠢᠨ ᠢᠶᠠᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠢᠳᠡᠪᠬᠢᠲᠡᠢ ᠤᠷᠤᠯᠴᠠᠨ᠂ ᠨᠡᠩ ᠠᠮᠤᠷ | ᠲᠦᠪᠰᠢᠨ ᠠᠵᠢᠯ ᠤᠨ ᠣᠷᠴᠢᠨ ᠨᠦᠬᠦᠴᠡᠯ ᠢ ᠪᠤᠢ ᠪᠣᠯᠭᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾᠃ | | ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠠᠵᠢᠯᠳᠠᠨ ᠸᠧᠶ ᠰᠢᠶᠣᠤ ᠬᠤᠢ᠄ ︽ ᠦᠨᠦᠳᠦᠷ ᠤᠨ ᠤᠷᠤᠯᠳᠤᠭᠠᠨ ᠳᠤ ᠤᠷᠤᠯᠴᠠᠭᠠᠳ ᠪᠢ ᠨᠠᠩ | ᠣᠯᠠᠨ ᠠᠮᠤᠷ ᠲᠦᠪᠰᠢᠨ ᠤ ᠮᠡᠳᠡᠯᠭᠡ ᠶᠢ ᠰᠤᠷᠴᠤ ᠡᠵᠡᠮᠰᠢᠭᠰᠡᠨ ᠪᠥᠭᠡᠳ ᠠᠮᠤᠷ ᠲᠦᠪᠰᠢᠨ ᠤ ᠠᠵᠢᠯ ᠤᠨ | ᠴᠢᠬᠤᠯᠠ ᠴᠢᠨᠠᠷ ᠢ ᠭᠦᠨᠵᠡᠭᠡᠶ ᠲᠠᠨᠢᠯ᠎ᠠ᠃ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ ᠪᠠᠨ ᠠᠮᠤᠷ | ᠲᠦᠪᠰᠢᠨ ᠤ ᠣᠶᠢᠯᠠᠭᠠᠭᠳᠠᠬᠤᠨ ᠢ ᠢᠳᠡᠪᠬᠢᠲᠡᠢ ᠤᠯᠠᠮᠵᠢᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ | ᠶᠢ ᠲᠡᠭᠡᠭᠰᠢᠯᠡᠬᠦᠯᠦᠨ᠂ ᠠᠮᠤᠷ ᠲᠦᠪᠰᠢᠨ ᠡᠶ᠎ᠡ ᠵᠣᠬᠢᠴᠠᠩᠭᠤᠢ ᠣᠷᠴᠢᠨ ᠲᠣᠭᠤᠷᠢᠨ ᠢ ᠪᠤᠢ ᠪᠣᠯᠭᠠᠬᠤ ᠳᠤ | ᠥᠪᠡᠷ ᠤᠨ ᠬᠦᠴᠦᠨ ᠴᠢᠳᠠᠯ ᠢᠶᠠᠨ ᠡᠷᠬᠦᠨ᠎ᠡ︾᠃ | ᠡᠨᠡ ᠤᠳᠠᠭᠠᠨ ᠤ ᠠᠵᠢᠯᠯᠠᠭ᠎ᠠ ᠶᠢ ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ | ᠠᠴᠠ ᠭᠤᠤᠯᠯᠠᠨ ᠡᠷᠬᠢᠯᠡᠵᠦ᠂ ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠵᠠᠯᠠᠭᠤᠴᠤᠳ | ᠪᠠᠭᠠᠴᠤᠳ ᠤᠨ ᠬᠦᠳᠡᠯᠪᠦᠷᠢ ᠠᠵᠢᠯᠯᠠᠭᠠᠨ ᠤ ᠲᠥᠪ ᠠᠴᠠ ᠳᠠᠭᠠᠭᠠᠴᠢᠯᠠᠨ ᠡᠷᠬᠢᠯᠡᠵᠡᠢ᠃ ᠤᠷᠤᠯᠳᠤᠭᠠᠨ ᠨᠢ | ᠰᠢᠨ᠎ᠡ ᠶᠢ ᠡᠭᠦᠳᠬᠦ ᠬᠡᠯᠪᠡᠷᠢ ᠪᠠᠷ ᠠᠮᠤᠷ ᠲᠦᠪᠰᠢᠨ ᠤ ᠮᠡᠳᠡᠯᠭᠡ ᠶᠢ ᠲᠠᠷᠢᠬᠢᠨ ᠳᠤ ᠬᠠᠳᠠᠩᠰᠢᠭᠤᠯᠵᠤ᠂ ᠪᠥᠬᠦ | ᠬᠤᠰᠢᠭᠤᠨ ᠤ ᠺᠠᠳ᠋ᠷ ᠠᠵᠢᠯᠲᠠᠨ ᠤ ᠠᠶᠤᠯᠭᠦᠶ ᠦᠶ᠋ᠯᠡᠳᠪᠦᠷᠢᠯᠡᠯ ᠤᠨ ᠮᠡᠳᠡᠯᠭᠡ ᠶᠢ ᠰᠤᠷᠤᠯᠴᠠᠬᠤ ᠬᠠᠯᠠᠭᠤᠨ | ᠰᠡᠳᠬᠢᠯᠭᠡ ᠶᠢ ᠲᠠᠶᠢᠴᠢᠯᠠᠨ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ | ᠪᠠᠶᠢᠳᠠᠯ ᠢ ᠠᠷᠭᠠᠴᠠᠵᠤ ᠴᠢᠳᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ | ᠠᠯᠬᠤᠮ ᠳᠤ᠂ ᠲᠠᠶᠢᠹᠤᠰᠧ ᠬᠤᠰᠢᠭᠤᠨ ᠤ ᠬᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠤᠬᠠᠭᠤᠯᠭ᠎ᠠ᠂ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠵᠡᠷᠭᠡ ᠣᠯᠠᠨ ᠡᠰᠢᠵᠢᠭᠰᠡᠨ ᠦᠢᠯᠡᠳᠦᠯᠭᠡ ᠶᠢ ᠥᠷᠨᠢᠭᠦᠯᠵᠦ᠂ ᠨᠠᠩ ᠥᠨᠳᠥᠷ ᠪᠠᠷᠢᠮᠵᠢᠶ᠎ᠠ᠂ | ᠨᠠᠩ ᠪᠣᠳᠠᠲᠠᠢ ᠠᠷᠭ᠎ᠠ ᠪᠠᠷ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠦᠨ᠂ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠪᠠᠷ ᠪᠠᠶᠢᠨ᠎ᠠ᠃ |