ᠪᠥᠬᠦ ᠬᠤᠰᠢᠭᠤᠨ ᠤ ᠺᠠᠳ᠋ᠷ ᠣᠯᠠᠨ ᠲᠦᠮᠡᠨ ᠳᠤ ᠄ | ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠴᠢᠨᠠᠭᠰᠢᠳᠠ ᠠᠬᠢᠭᠤᠯᠵᠤ᠂ ᠣᠷᠣᠰᠢᠭᠤᠯᠭ᠎ᠠ ᠶᠢᠨ ᠬᠠᠮᠢᠶᠠᠷᠤᠯᠲᠠ ᠶᠢ | ᠴᠢᠩᠭᠠᠳᠬᠠᠨ᠂ ᠠᠷᠠᠳ ᠣᠯᠠᠨ ᠤ ᠦᠨᠳᠦᠰᠦᠨ ᠣᠷᠣᠰᠢᠭᠤᠯᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ | ᠤᠯᠤᠰ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠣᠷᠣᠰᠢᠭᠤᠯᠭ᠎ᠠ ᠶᠢᠨ ᠬᠠᠤᠯᠢ ᠲᠦᠷᠢᠮ ᠲᠥᠷᠥ ᠶᠢᠨ | ᠪᠣᠳᠣᠯᠭ᠎ᠠ ᠶᠢ ᠦᠨᠳᠦᠰᠦᠯᠡᠵᠦ᠂ ᠮᠠᠨ ᠤ ᠬᠤᠰᠢᠭᠤ ᠨᠢ ᠨᠢᠭᠡᠳᠦᠭᠡᠷ ᠪᠦᠯᠦᠭ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠨᠡᠶᠢᠲᠡ ᠶᠢᠨ ᠣᠩᠭᠤᠨ ᠢ ᠨᠢᠬᠡᠨᠳᠡ ᠪᠠᠶᠢᠭᠤᠯᠵᠤ ᠲᠠᠭᠤᠰᠤᠭᠠᠳ ᠤᠳᠤ ᠠᠰᠢᠭᠯᠠᠯᠳᠠ ᠳᠤ ᠤᠷᠤᠬᠤ ᠪᠠᠷ | ᠪᠡᠯᠡᠬᠡᠨ ᠪᠤᠯᠵᠠᠢ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄ | ᠨᠢᠭᠡ᠂ ᠨᠡᠶᠢᠲᠡ ᠶᠢᠨ ᠣᠩᠭᠤᠨ ᠤ ᠦᠨᠳᠦᠰᠦᠨ ᠪᠠᠶᠢᠳᠠᠯ | ᠲᠠᠶᠢᠹᠤᠰᠧ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠨᠢ ᠪᠤᠤᠴᠠᠩ | ᠪᠠᠯᠭᠠᠰᠤᠨ ᠤ ᠬᠤᠸᠠᠩ ᠲᠤ ᠺᠧᠩ ᠲᠣᠰᠬᠤᠨ ᠳᠤ ᠪᠠᠶᠢᠷᠢᠯᠠᠵᠤ ᠪᠤᠢ᠂ ᠶᠡᠷᠦᠩᠬᠡᠢ ᠲᠠᠯᠠᠪᠠᠢ ᠨᠢ 85446 | ᠬᠠᠪᠳᠠᠭᠠᠢ ᠲᠦᠷᠪᠡᠯᠵᠢᠨ ᠮᠧᠲᠷ᠂ ᠤᠳᠤᠬᠠᠨ ᠳᠠᠭᠠᠨ 100 ᠰᠠᠭᠤᠷᠢ ᠱᠠᠷᠢᠯ ᠲᠠᠯᠪᠢᠬᠤ ᠤᠷᠤᠨ ᠲᠠᠢ ᠂ ᠡᠬᠦᠨ | ᠳᠤ ᠬᠤᠶᠠᠷ ᠬᠥᠮᠦᠨ ᠤ ᠱᠠᠷᠢᠯ ᠤᠨ ᠤᠷᠤᠨ 50 ᠂ ᠭᠠᠭᠴᠠ ᠬᠥᠮᠦᠨ ᠤ ᠱᠠᠷᠢᠯ ᠤᠨ ᠤᠷᠤᠨ 50 ᠪᠤᠢ᠃ | ᠬᠤᠶᠠᠷ᠂ ᠡᠬᠢᠯᠡᠵᠦ ᠬᠡᠷᠡᠭᠯᠡᠬᠦ ᠴᠠᠭ | ᠨᠡᠶᠢᠲᠡ ᠶᠢᠨ ᠣᠩᠭᠤᠨ ᠢ 2025 ᠣᠨ ᠤ 6 ᠰᠠᠷ᠎ᠠ ᠶᠢᠨ 20 ᠤ ᠡᠳᠦᠷ ᠠᠴᠠ ᠡᠬᠢᠯᠡᠨ ᠵᠢᠩᠬᠢᠨᠢ ᠪᠠᠷ | ᠬᠡᠷᠡᠭᠯᠡᠵᠦ᠂ ᠨᠥᠬᠦᠴᠡᠯ ᠳᠤ ᠨᠡᠶᠢᠴᠡᠭᠰᠡᠨ ᠨᠠᠰᠤ ᠨᠥᠭᠴᠢᠭᠰᠡᠳ ᠤᠨ ᠱᠠᠷᠢᠯ ᠲᠠᠯᠪᠢᠬᠤ ᠡᠷᠡᠮᠡᠯᠵᠡᠯ ᠢ ᠬᠦᠯᠢᠶᠡᠨ | ᠠᠪᠤᠨ᠎ᠠ᠃ | ᠭᠤᠷᠪᠠ᠂ ᠬᠡᠷᠡᠭᠯᠡᠬᠦ ᠬᠡᠪᠴᠢᠶ᠎ᠡ | ᠲᠠᠶᠢᠹᠤᠰᠧ ᠬᠤᠰᠢᠭᠤᠨ ᠤ ᠡᠷᠦᠬᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠨᠠᠰᠤ ᠪᠠᠷᠠᠭᠰᠠᠨ ᠤ ᠳᠠᠷᠠᠭ᠎ᠠ | ᠱᠠᠷᠢᠯ ᠢ ᠨᠢ ᠨᠡᠶᠢᠳᠡ ᠶᠢᠨ ᠣᠩᠭᠤᠨ ᠳᠤ ᠲᠠᠯᠪᠢᠬᠤ ᠡᠷᠡᠮᠡᠯᠵᠡᠯ ᠭᠠᠷᠭᠠᠵᠤ ᠪᠣᠯᠤᠨ᠎ᠠ᠃ ᠲᠠᠶᠢᠹᠤᠰᠧ ᠬᠤᠰᠢᠭᠤᠨ ᠳᠤ | ᠤᠷᠳᠤ ᠬᠤᠭᠤᠴᠠᠭ᠎ᠠ ᠪᠠᠷ ᠰᠠᠭᠤᠷᠢᠰᠢᠭᠰᠠᠨ ᠪᠥᠭᠡᠳ ᠣᠷᠣᠰᠢᠨ ᠰᠠᠭᠤᠬᠤ ᠦᠨᠡᠮᠯᠡᠯ ᠲᠠᠢ ᠲᠤᠰ ᠬᠤᠰᠢᠭᠤᠨ ᠤ | ᠪᠤᠰᠤ ᠰᠠᠭᠤᠭᠠᠯᠢ ᠠᠷᠠᠳ ᠴᠤ ᠭᠡᠰᠡᠨ ᠨᠠᠰᠤ ᠪᠠᠷᠠᠭᠰᠠᠨ ᠤ ᠳᠠᠷᠠᠭ᠎ᠠ ᠬᠢᠨᠠᠨ ᠬᠠᠷᠭᠤᠭᠤᠯᠬᠤ ᠪᠠᠷ ᠳᠠᠮᠵᠢᠭᠠᠳ | ᠨᠥᠬᠦᠴᠡᠯ ᠳᠤ ᠨᠡᠶᠢᠴᠡᠪᠡᠯ ᠱᠠᠷᠢᠯ ᠢ ᠨᠢ ᠲᠠᠯᠪᠢᠬᠤ ᠪᠠᠷ ᠡᠷᠡᠮᠡᠯᠵᠡᠯᠡᠵᠦ ᠪᠣᠯᠤᠨ᠎ᠠ᠃ ᠭᠤᠣᠯᠳᠠᠯᠭ᠎ᠠ ᠲᠠᠢ ᠲᠥᠷᠥᠯ | ᠵᠦᠢᠯ ᠤᠨ ᠪᠠᠶᠢᠭᠤᠯᠤᠯᠲᠠ ᠪᠤᠶᠤ ᠤᠷᠤᠰᠢᠭᠤᠯᠭ᠎ᠠ ᠶᠢᠨ ᠦᠬᠡᠷᠡᠴᠢᠯᠡᠯᠳᠡ ᠵᠡᠷᠭᠡ ᠶᠢᠨ ᠱᠠᠭᠠᠷᠳᠠᠯᠭ᠎ᠠ ᠠᠴᠠ ᠪᠣᠯᠵᠤ | ᠨᠡᠬᠦᠯᠬᠡᠬᠦ ᠪᠠᠷ ᠪᠤᠯᠤᠭᠰᠠᠨ ᠱᠠᠷᠢᠯ ᠢ ᠬᠠᠮᠢᠶ᠎ᠠ ᠪᠦᠬᠦᠢ ᠲᠦᠷᠢᠮ ᠲᠣᠭᠲᠠᠭᠠᠯ ᠤᠨ ᠶᠣᠰᠣᠭᠠᠷ ᠨᠡᠶᠢᠲᠡ ᠶᠢᠨ | ᠣᠩᠭᠤᠨ ᠳᠤ ᠨᠡᠬᠦᠯᠬᠡᠨ ᠲᠠᠯᠪᠢᠵᠤ ᠪᠣᠯᠤᠨ᠎ᠠ᠃ | ᠳᠥᠷᠪᠡ᠂ ᠲᠦᠷ ᠲᠣᠭᠲᠠᠭᠠᠭᠰᠠᠨ ᠦᠨ᠎ᠡ ᠬᠠᠩᠰᠢ | ︽ᠰᠢᠯᠢ ᠶᠢᠨ ᠭᠤᠣᠯ ᠠᠶᠢᠮᠠᠭ ᠤᠨ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ︽ᠲᠠᠶᠢᠹᠦᠰᠧ ᠬᠤᠰᠢᠭᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠤ ᠦᠨ᠎ᠡ ᠬᠠᠩᠰᠢ ᠶᠢ ᠲᠦᠷ ᠲᠣᠭᠲᠠᠭᠠᠬᠤ ᠲᠤᠬᠠᠢ ᠮᠡᠳᠡᠭᠳᠡᠯ︾ | ᠤᠨ ᠱᠠᠭᠠᠷᠳᠠᠯᠭ᠎ᠠ ᠵᠢᠴᠢ ᠲᠠᠶᠢᠹᠤᠰᠧ ᠬᠤᠰᠢᠭᠤᠨ ᠤ ᠪᠠᠨ ᠪᠣᠳᠠᠲᠠᠢ ᠪᠠᠶᠢᠳᠠᠯ ᠢ ᠦᠨᠳᠦᠰᠦᠯᠡᠵᠦ᠂ ᠬᠤᠶᠠᠷ | ᠬᠥᠮᠦᠨ ᠤ ᠣᠩᠭᠤᠨ ᠤ ᠦᠨ᠎ᠡ ᠬᠠᠩᠰᠢ ᠶᠢ ᠲᠦᠷ ᠴᠠᠭ 2300 ᠲᠥᠭᠦᠷᠢᠭ ᠢᠶᠠᠷ ᠲᠤᠭᠳᠠᠭᠠᠵᠤ᠂ ᠭᠠᠭᠴᠠ | ᠬᠥᠮᠦᠨ ᠤ ᠣᠩᠭᠤᠨ ᠤ ᠦᠨ᠎ᠡ ᠬᠠᠩᠰᠢ ᠶᠢ ᠲᠦᠷ ᠴᠠᠭ 2000 ᠲᠥᠭᠦᠷᠢᠭ ᠢᠶᠠᠷ ᠲᠤᠭᠳᠠᠭᠠᠪᠠ᠃ | ᠲᠠᠪᠤ᠂ ᠭᠦᠢᠴᠡᠳᠬᠡᠬᠦ ᠶᠠᠪᠤᠴᠠ | ᠤᠷᠢᠳᠠᠪᠠᠷ ᠲᠤᠤᠷᠠᠬᠢ ᠠᠷᠭ᠎ᠠ ᠪᠠᠷ ᠪᠤᠯᠵᠤᠨ ᠲᠠᠩᠰᠠᠯᠠᠭᠤᠯᠤᠨ᠎ᠠ᠃ ᠬᠠᠷᠢᠯᠴᠠᠬᠤ ᠤᠲᠠᠰᠤ᠄ 0479 - | 5238347 15847928878 131349951992 | ᠲᠠᠷᠠᠭ᠎ᠠ ᠨᠢ᠂ ᠨᠥᠭᠴᠢᠭᠰᠡᠳ ᠢ ᠬᠠᠶᠢᠯᠠᠭᠤᠯᠤᠭᠰᠠᠨ ᠭᠡᠷᠡᠴᠢ ᠲᠡᠮᠳᠡᠭ᠂ ᠪᠡᠶ᠎ᠡ ᠶᠢᠨ ᠦᠨᠡᠮᠯᠡᠯ ᠤᠨ ᠬᠠᠭᠤᠯᠪᠤᠷᠢ | ︵ᠪᠤᠶᠤ ᠣᠷᠣᠰᠢᠨ ᠰᠠᠭᠤᠬᠤ ᠦᠨᠡᠮᠯᠡᠯ︶ ᠵᠢᠴᠢ ᠬᠠᠷᠢᠭᠤᠴᠠᠨ ᠬᠦᠢᠴᠡᠳᠭᠡᠬᠦ ᠬᠦᠮᠦᠨ ᠤ ᠪᠡᠶ᠎ᠡ ᠶᠢᠨ ᠦᠨᠡᠮᠯᠡᠯ ᠪᠠ | ᠬᠠᠭᠤᠯᠪᠤᠷᠢ ᠶᠢ ᠠᠪᠴᠤ᠂ ᠲᠠᠶᠢᠹᠤᠰᠧ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠤ | ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠲᠤ ᠬᠦᠷᠴᠦ ᠡᠷᠡᠮᠡᠯᠵᠡᠯ ᠭᠠᠷᠭᠠᠨ᠎ᠠ᠃ | ᠤᠷᠤᠰᠢᠭᠤᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠨᠢ ᠡᠷᠡᠮᠡᠯᠵᠡᠯ ᠤᠨ ᠮᠠᠲ᠋ᠧᠷᠢᠶᠠᠯ ᠢ ᠬᠢᠨᠠᠨ | ᠬᠠᠷᠭᠤᠭᠤᠯᠤᠭᠰᠠᠨ ᠤ ᠳᠠᠷᠠᠭ᠎ᠠ ᠣᠩᠭᠤᠨ ᠤ ᠣᠷᠣᠨ ᠪᠠᠶᠢᠷᠢ ᠶᠢ ᠲᠣᠭᠲᠠᠭᠠᠬᠤ ᠶᠢᠨ ᠬᠠᠮᠲᠤ ᠡᠷᠡᠮᠡᠯᠵᠡᠯᠡᠭᠴᠢ ᠲᠠᠢ ︽ | ᠨᠡᠶᠢᠳᠡ ᠶᠢᠨ ᠣᠩᠭᠤᠨ ᠤ ᠤᠷᠤᠰᠢᠭᠤᠯᠭ᠎ᠠ ᠶᠢᠨ ᠭᠡᠷ᠎ᠡ︾ ᠶᠢ ᠲᠤᠭᠳᠠᠨ᠎ᠠ᠃ ᠡᠷᠡᠮᠡᠯᠵᠡᠯᠡᠭᠴᠢ ᠨᠢ ᠲᠤᠭᠳᠠᠭᠰᠠᠨ | ᠭᠡᠷ᠎ᠡ ᠶᠣᠰᠣᠭᠠᠷ ᠬᠠᠮᠢᠶ᠎ᠠ ᠪᠥᠬᠦᠶ ᠰᠦᠢᠳᠬᠡᠯ ᠢ ᠲᠤᠰᠢᠶᠠᠭᠰᠠᠨ ᠤ ᠳᠠᠷᠠᠭ᠎ᠠ᠂ ᠭᠠᠷ ᠬᠦᠢᠴᠡᠳᠭᠡᠯ ᠢᠶᠠᠨ ᠬᠢᠵᠦ | ᠱᠠᠷᠢᠯ ᠢ ᠣᠷᠣᠰᠢᠭᠤᠯᠵᠤ ᠪᠣᠯᠤᠨ᠎ᠠ᠃ | ᠵᠢᠷᠭᠤᠭ᠎ᠠ᠂ ᠨᠡᠶᠢᠲᠡ ᠶᠢᠨ ᠣᠩᠭᠤᠨ ᠤ ᠬᠠᠮᠢᠶᠠᠷᠤᠯᠲᠠ ᠶᠢᠨ ᠲᠦᠷᠢᠮ ᠳᠤ ᠨᠡᠶᠢᠲᠡ ᠶᠢᠨ ᠣᠩᠭᠤᠨ ᠳᠤ | ᠵᠥᠪᠬᠡᠨ ᠱᠠᠷᠢᠯ ᠲᠠᠯᠪᠢᠬᠤ ᠦᠢᠯᠡᠴᠢᠯᠡᠭᠡ ᠬᠠᠩᠭᠠᠬᠤ ᠪᠠᠷ ᠲᠣᠭᠲᠠᠭᠠᠪᠠ᠃ | ᠨᠦᠭᠴᠢᠭᠰᠡᠳ ᠤᠨ ᠲᠥᠷᠥᠯ ᠰᠠᠳᠤᠨ ᠨᠢ ᠨᠡᠶᠢᠲᠡ ᠶᠢᠨ ᠣᠩᠭᠤᠨ ᠤ ᠬᠠᠮᠢᠶᠠᠷᠤᠯᠲᠠ ᠶᠢᠨ ᠲᠦᠷᠢᠮ | ᠲᠣᠭᠲᠠᠭᠠᠯ ᠢ ᠲᠠᠭᠠᠵᠤ᠂ ᠨᠡᠶᠢᠲᠡ ᠶᠢᠨ ᠣᠩᠭᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ | ᠬᠡᠷᠡᠭᠲᠡᠶ᠃ ᠨᠡᠶᠢᠲᠡ ᠶᠢᠨ ᠣᠩᠭᠤᠨ ᠤ ᠳᠣᠲᠣᠷ᠎ᠠ ᠵᠣᠭᠤᠰ ᠰᠢᠳᠠᠭᠠᠬᠤ᠂ ᠫᠤᠤᠵᠢᠩ ᠲᠠᠯᠪᠢᠬᠤ ᠵᠡᠷᠭᠡ ᠦᠢᠯᠡ | ᠠᠵᠢᠯᠯᠠᠭ᠎ᠠ ᠶᠢ ᠴᠠᠭᠠᠵᠠᠯᠠᠵᠤ᠂ ᠪᠣᠯᠪᠠᠰᠤᠨ ᠲᠠᠬᠢᠯᠭ᠎ᠠ ᠬᠢᠬᠦ ᠶᠢ ᠰᠠᠨᠠᠭᠠᠴᠢᠯᠠᠨ᠎ᠠ᠃ ᠲᠠᠬᠢᠯᠭ᠎ᠠ ᠶᠢᠨ ᠠᠵᠢᠯᠯᠠᠭ᠎ᠠ ᠶᠢ | ᠲᠣᠭᠲᠠᠭᠰᠠᠨ ᠣᠷᠣᠨ ᠳᠤ ᠶᠠᠪᠤᠭᠳᠠᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠤᠯᠪᠣᠭᠳᠠᠯ ᠪᠦᠬᠦᠢ ᠲᠦᠷᠢᠮ | ᠲᠣᠭᠲᠠᠭᠠᠯ ᠢ ᠲᠠᠭᠠᠬᠤ ᠬᠡᠷᠡᠭᠲᠡᠶ᠃ ᠨᠡᠶᠢᠲᠡ ᠶᠢᠨ ᠣᠩᠭᠤᠨ ᠤ ᠬᠡᠷᠡᠭᠯᠡᠬᠦ ᠬᠤᠭᠤᠴᠠᠭ᠎ᠠ ᠶᠢ ᠬᠠᠮᠢᠶ᠎ᠠ ᠪᠦᠬᠦᠢ ᠲᠦᠷᠢᠮ | ᠲᠣᠭᠲᠠᠭᠠᠯ ᠤᠨ ᠲᠠᠭᠠᠤ ᠬᠡᠷᠡᠭᠵᠢᠭᠦᠯᠵᠦ᠂ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠦᠷᠭᠦᠯᠵᠢᠯᠡᠨ ᠬᠡᠷᠡᠭᠯᠡᠬᠦ | ᠴᠢᠬᠤᠯᠠᠲᠠᠶ ᠪᠣᠯ ᠬᠤᠭᠤᠴᠠᠭ᠎ᠠ ᠤᠷᠲᠤᠳᠬᠠᠬᠤ ᠬᠦᠢᠴᠡᠳᠭᠡᠯ ᠢ ᠡᠷᠳᠡ ᠠᠴᠠ ᠬᠢᠬᠦ ᠬᠡᠷᠡᠭᠲᠡᠶ᠃ ᠨᠡᠶᠢᠲᠡ ᠶᠢᠨ | ᠣᠩᠭᠤᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠣᠩᠭᠤᠨ ᠤ ᠭᠠᠵᠠᠷ ᠢ | ᠳᠤᠷ᠎ᠠ ᠪᠠᠷ ᠢᠶᠠᠨ ᠥᠭᠡᠷᠡᠴᠢᠯᠡᠨ ᠪᠠᠶᠢᠭᠤᠯᠵᠤ᠂ ᠥᠷᠭᠡᠳᠬᠡᠨ ᠪᠠᠶᠢᠭᠤᠯᠵᠤ ᠪᠣᠯᠬᠤ ᠦᠭᠡᠢ᠂ ᠣᠩᠭᠤᠨ ᠤ ᠭᠠᠵᠠᠷ ᠤᠨ | ᠬᠡᠷᠡᠭᠯᠡᠬᠦ ᠡᠷᠬᠡ ᠶᠢ ᠳᠤᠷ᠎ᠠ ᠪᠠᠷ ᠢᠶᠠᠨ ᠰᠢᠯᠵᠢᠭᠦᠯᠦᠨ ᠥᠭᠴᠦ᠂ ᠬᠤᠳᠠᠯᠳᠤᠨ ᠠᠷᠠᠯᠵᠢᠶᠠᠯᠠᠵᠤ ᠪᠣᠯᠬᠤ ᠦᠭᠡᠢ᠃ | ᠪᠦᠬᠦ ᠬᠤᠰᠢᠭᠤᠨ ᠤ ᠺᠠᠳ᠋ᠷ ᠤᠯᠠᠨ ᠲᠦᠮᠡᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠳᠤ | ᠢᠳᠡᠪᠬᠢᠲᠡᠢ ᠬᠠᠮᠵᠢᠯᠴᠠᠵᠦ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠦᠷᠢᠮ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠨ᠂ ᠪᠣᠯᠪᠠᠰᠤᠨ᠂ ᠡᠶ᠎ᠡ ᠵᠣᠬᠢᠴᠠᠩᠭᠤᠢ᠂ ᠪᠤᠯᠪᠠᠰᠤᠨ ᠰᠠᠶᠢᠬᠠᠨ᠂ ᠪᠣᠬᠢᠷᠲᠤᠯ ᠦᠭᠡᠢ | ᠣᠷᠣᠰᠢᠭᠤᠯᠭ᠎ᠠ ᠶᠢᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠬᠤ ᠶᠢ ᠬᠦᠰᠡᠵᠦ ᠪᠠᠶᠢᠨ᠎ᠠ᠃ | ᠠᠰᠠᠭᠤᠨ ᠯᠠᠪᠯᠠᠬᠤ ᠵᠦᠢᠯ ᠪᠠᠶᠢᠪᠠᠯ ᠲᠠᠶᠢᠹᠤᠰᠧ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ | ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠭᠠᠷᠠᠢ᠃ | ᠬᠠᠷᠢᠯᠴᠠᠬᠤ ᠤᠳᠠᠰᠤ᠄ 0479-5238179 | ᠲᠠᠶᠢᠹᠤᠰᠧ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | 2025 ᠣᠨ ᠤ 6 ᠰᠠᠷ᠎ᠠ 26 ᠤ ᠡᠳᠦᠷ |