ᠯᠦᠸᠧ ᠲᠦᠸᠧ ᠱᠠᠨ ᠪᠠᠯᠭᠠᠰᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠥᠷᠨᠢᠭᠦᠯᠪᠠ
ᠨᠡᠶᠢᠲᠡᠯᠡᠭᠰᠡᠨ ᠴᠠᠭ᠄
2025/7/1
    ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂  ᠯᠦᠸᠧ ᠲᠦᠸᠧ ᠱᠠᠨ ᠪᠠᠯᠭᠠᠰᠤ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠨ᠎ᠠ — ᠳᠡᠷᠭᠡᠳᠡᠬᠢ ᠠᠮᠤᠷ ᠲᠦᠪᠰᠢᠨ ᠤ ᠭᠡᠮ ᠰᠣᠭᠤᠭ ᠢ ᠡᠷᠢᠬᠦ︾ ᠭᠤᠣᠯ ᠰᠡᠳᠦᠪ ᠤᠨ ᠲᠣᠭᠤᠷᠢᠨ ᠳᠤ ᠠᠵᠢᠯ ᠡᠬᠦᠷᠭᠡ ᠶᠢ ᠨᠠᠷᠢᠨ ᠨᠢᠮᠪᠠᠢ ᠪᠠᠶᠢᠷᠢᠯᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠭᠡᠷᠡᠭᠯᠡᠨ᠂ ᠰᠢᠷᠢᠰ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ  ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ  ᠲᠡᠭᠡᠭᠰᠢᠯᠡᠬᠦᠯᠦᠨ  ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠵᠤ ᠪᠠᠶᠢᠨ᠎ᠠ᠃ ᠨᠢᠭᠡ ᠳᠤ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠠᠭᠤᠷᠢ ᠶᠢ ᠪᠠᠬᠢᠵᠢᠬᠦᠯᠦᠭᠰᠡᠨ᠃  ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ︽ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠶ ᠠᠳᠬᠤᠬᠤ᠂ ᠬᠠᠷᠢᠭᠤᠴᠠᠯᠭᠠᠲᠤ ᠰᠠᠯᠠᠭ᠎ᠠ ᠮᠥᠴᠢᠷ ᠬᠠᠮᠵᠢᠯᠴᠠᠨ ᠠᠳᠬᠤᠬᠤ︾ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠪᠠᠷ ᠲᠠᠮᠵᠢᠨ ᠤᠳᠤᠷᠢᠳᠬᠤ ᠺᠠᠳ᠋ᠷᠴᠤᠳ ᠢ ᠵᠣᠬᠢᠶᠠᠨ  ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠬᠠᠤᠯᠢ ᠲᠦᠷᠢᠮ ᠢ ᠭᠦᠨᠵᠡᠭᠡᠢ ᠰᠤᠷᠤᠯᠴᠠᠭᠤᠯᠤᠨ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠨ ᠬᠢᠬᠦ ᠤᠯᠤᠰ ᠲᠦᠷᠦ ᠶᠢᠨ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠦᠨᠡᠨᠬᠦ  ᠴᠢᠩᠭᠠᠳᠬᠠᠭᠰᠠᠨ ᠪᠠᠶᠢᠨ᠎ᠠ᠃ ᠬᠤᠶᠠᠷ ᠲᠤ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠠᠭᠤᠷ ᠠᠮᠢᠰᠬᠤᠯ ᠢ ᠦᠳᠭᠡᠷᠡᠬᠦᠯᠦᠭᠰᠡᠨ᠃ ᠠᠷᠠᠳ ᠢᠷᠭᠡᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠵᠤ᠂ ᠬᠥᠳᠡᠭᠡ ᠲᠣᠰᠬᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠳᠤᠳᠬᠠᠬᠤ ᠶᠢᠨ ᠲᠦᠯᠦᠭᠡ᠂ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠨᠢᠬᠦᠯᠵᠦ᠂ ᠬᠥᠳᠡᠭᠡ ᠲᠣᠰᠬᠤᠨ ᠤ ᠪᠠᠶᠢᠩᠭᠤ ᠲᠣᠬᠢᠶᠠᠯᠳᠤᠬᠤ ᠠᠮᠤᠷ ᠲᠦᠪᠰᠢᠨ ᠤ ᠭᠡᠮ ᠰᠤᠭᠤᠭ ᠲᠤ ᠠᠩᠬᠠᠷᠤᠯ ᠢᠶᠠᠨ ᠲᠦᠪᠯᠡᠷᠡᠬᠦᠯᠦᠨ᠂ ᠭᠠᠯ᠂ ᠴᠠᠬᠢᠯᠭᠠᠨ᠂ ᠪᠠᠷᠢᠯᠭ᠎ᠠ᠂ ᠲᠠᠷᠢᠶᠠᠯᠠᠩ ᠤᠨ ᠮᠠᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠬᠠᠮᠤᠷᠴᠤ᠂ ᠬᠡᠷᠡᠭ ᠤᠨ ᠵᠢᠱᠢᠶ᠎ᠡ ᠶᠢ ᠵᠠᠳᠠᠯᠬᠤ᠂ ᠬᠠᠤᠯᠢ ᠲᠦᠷᠢᠮ ᠢ ᠲᠠᠶᠢᠯᠪᠤᠷᠢᠯᠠᠬᠤ᠂ ᠰᠤᠷᠢᠯᠳᠠ ᠪᠤᠯᠪᠠᠰᠤᠷᠠᠯ ᠬᠢᠬᠦ ᠵᠡᠷᠭᠡ ᠬᠡᠯᠪᠡᠷᠢ ᠪᠠᠷ ᠠᠮᠤᠷ ᠲᠦᠪᠰᠢᠨ ᠤ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠬᠤ ᠤᠷ᠎ᠠ ᠴᠢᠳᠠᠪᠤᠷᠢ ᠶᠢ ᠲᠦᠬᠡᠮᠡᠯᠵᠢᠬᠦᠯᠵᠡᠢ᠃ ᠡᠯ᠎ᠡ ᠲᠣᠰᠬᠤᠨ ᠤ ᠬᠢᠨ ᠢᠳᠡᠪᠬᠢᠲᠡᠢ ᠬᠠᠮᠵᠢᠯᠴᠠᠵᠤ᠂  ᠠᠷᠠᠳ ᠢᠷᠭᠡᠳ ᠢ ᠲᠠᠶᠢᠴᠢᠯᠠᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠳᠤ ᠣᠷᠣᠯᠴᠠᠭᠤᠯᠵᠤ᠂  ᠤᠬᠠᠭᠤᠯᠭ᠎ᠠ ᠬᠦᠮᠦᠵᠢᠯ ᠤᠨ ᠪᠣᠳᠠᠲᠠᠢ ᠳᠤ ᠨᠠᠶᠢᠳᠠᠪᠤᠷᠢᠵᠢᠬᠤ ᠶᠢ ᠪᠠᠳᠤᠯᠠᠨ᠂ ᠠᠶᠤᠯᠭᠦᠢ ᠦᠢᠯᠡᠳᠪᠦᠷᠢᠯᠡᠯ ᠤᠨ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠤᠢ ᠪᠤᠯᠭᠠᠭᠰᠠᠨ ᠪᠠᠶᠢᠨ᠎ᠠ᠃  ︽ᠬᠥᠳᠡᠭᠡ ᠲᠣᠰᠬᠤᠨ᠂ ᠰᠤᠷᠭᠠᠭᠤᠯᠢ ᠶᠢᠨ ᠬᠦᠷᠢᠶ᠎ᠡ᠂ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ᠂ ᠭᠡᠷ ᠪᠦᠯᠢ︾ ᠲᠠᠪᠤᠨ ᠶᠡᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠦᠮᠦᠵᠢᠯ ᠢ ︽ᠲᠠᠪᠤ  ᠳᠤ ᠣᠷᠣᠭᠤᠯᠬᠤ︾ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠦᠨ  ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ︽ᠢᠯᠳᠠᠷ ᠬᠠᠶᠠᠬᠤ ᠦᠭᠡᠢ︾ ᠣᠪᠣᠷ ᠢᠶᠠᠷ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ  ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠬᠦᠳᠦᠨ ᠪᠠᠶᠢᠭᠤᠯᠪᠠ᠃ ᠭᠤᠷᠪᠠ ᠳᠤ᠂ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠭᠡᠮ ᠰᠤᠭᠤᠭ ᠢ ᠠᠷᠢᠯᠭᠠᠭᠰᠠᠨ᠃  ᠬᠠᠤᠯᠢ ᠴᠠᠭᠠᠵᠠ ᠶᠢᠨ ᠰᠠᠯᠪᠤᠷᠢ᠂ ᠬᠠᠤᠯᠢ ᠬᠡᠷᠡᠭᠵᠢᠭᠦᠯᠬᠦ ᠶᠡᠭᠡ ᠠᠩᠭᠢ᠂  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠨᠢ ᠬᠠᠮᠲᠤᠷᠠᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠠᠪᠤᠭᠤᠯᠵᠤ᠂ ︽ᠪᠦᠬᠦᠨ ᠢ ᠬᠠᠮᠤᠷᠬᠤ᠂ ᠢᠯᠳᠠᠷ ᠦᠯᠦ ᠬᠠᠶᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠦᠷ᠎ᠡ ᠪᠦᠲᠦᠮᠵᠢ ᠶᠢ ᠴᠢᠬᠤᠯᠠᠴᠢᠯᠠᠬᠤ︾ ᠱᠠᠭᠠᠷᠳᠠᠯᠭ᠎ᠠ ᠶᠣᠰᠣᠭᠠᠷ  ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠤ ᠠᠬᠤᠶᠢᠯᠠᠯ ᠤᠳ ᠤᠨ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂  ᠲᠠᠩᠰᠠ ᠡᠪᠬᠡᠮᠡᠯ ᠢ ᠪᠠᠶᠢᠭᠤᠯᠤᠭᠰᠠᠨ ᠪᠠᠶᠢᠳᠠᠯ᠂ ᠠᠮᠤᠷ ᠲᠦᠪᠰᠢᠨ ᠤ ᠪᠡᠯᠡᠳᠭᠡᠯ ᠲᠥᠬᠦᠭᠡᠷᠦᠮᠵᠢ ᠶᠢᠨ ᠪᠠᠶᠢᠳᠠᠯ᠂  ᠭᠡᠮ ᠰᠤᠭᠤᠭ ᠢ ᠪᠠᠶᠢᠴᠠᠭᠠᠨ ᠴᠡᠭᠴᠡᠯᠡᠭᠰᠡᠨ ᠪᠠᠶᠢᠳᠠᠯ ᠵᠡᠷᠭᠡ   ᠶᠢ ᠨᠠᠷᠢᠨ ᠨᠢᠮᠪᠠᠢ ᠤᠶᠢᠯᠠᠭᠠᠨ ᠪᠠᠶᠢᠴᠠᠭᠠᠵᠠᠢ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠭᠡᠮ ᠰᠤᠭᠤᠭ ᠲᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ  ᠬᠠᠷᠢᠭᠤᠴᠠᠯᠭᠠᠳᠠᠨ ᠪᠠ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠤᠳᠤᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠶᠢᠨ ᠬᠠᠮᠲᠤ᠂ ᠬᠠᠤᠯᠢ  ᠭᠡᠷᠡᠭᠵᠢᠬᠦᠯᠬᠦ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠬᠦᠨᠳᠦ ᠶᠡᠭᠡ ᠬᠡᠮ ᠰᠤᠭᠤᠭ ᠣᠷᠣᠰᠢᠵᠤ ᠪᠠᠶᠢᠭ᠎ᠠ ᠪᠤᠶᠤ ᠬᠠᠤᠯᠢ ᠲᠦᠷᠢᠮ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠢ ᠬᠠᠤᠯᠢ ᠲᠦᠷᠢᠮ ᠤᠨ ᠲᠠᠭᠠᠤ ᠴᠢᠩᠭ᠎ᠠ ᠰᠢᠢᠳᠪᠦᠷᠢᠯᠡᠵᠦ᠂ ᠬᠦᠴᠦᠷᠬᠡᠭ ᠶᠡᠭᠡ ᠰᠦᠷᠳᠡᠭᠦᠯᠬᠦ ᠬᠦᠴᠦᠨ ᠢ ᠪᠣᠶ ᠪᠤᠯᠭᠠᠪᠠ᠃  ᠯᠦᠸᠧ ᠲᠦᠸᠧ ᠱᠠᠨ ᠪᠠᠯᠭᠠᠰᠤ ᠨᠢ ᠡᠶᠢᠨ ᠬᠦ᠋ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠲᠠᠮᠵᠢᠭᠠᠳ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠴᠢᠩᠭᠠᠳᠬᠠᠵᠤ᠂ ᠪᠦᠬᠦ ᠠᠷᠠᠳ ᠤᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠪᠣᠯᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠲᠡᠭᠡᠭᠰᠢᠯᠡᠬᠦᠯᠦᠨ᠂ ᠡᠯ᠎ᠡ ᠲᠥᠷᠥᠯ ᠤᠨ ᠠᠮᠤᠷ ᠲᠦᠪᠰᠢᠨ ᠤ ᠤᠰᠤᠯ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠵᠠᠢ᠃ ᠲᠠᠷᠠᠭᠠᠴᠢ ᠶᠢᠨ ᠠᠯᠬᠤᠮ ᠳᠤ᠂  ᠲᠤᠰ ᠪᠠᠯᠭᠠᠰᠤ   ᠨᠢ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠠᠵᠢᠯᠯᠠᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠤ ᠬᠦᠴᠦᠳᠡᠢ ᠪᠠᠲᠤᠯᠠᠭ᠎ᠠ ᠬᠠᠩᠭᠠᠬᠤ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号