ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠣᠶ ᠶᠢ ᠪᠡᠯᠬᠡᠯᠡᠵᠦ᠂ | ᠬᠤᠪᠢᠰᠬᠠᠯ ᠤᠨ ᠤᠳᠤᠮᠰᠢᠯ ᠢ ᠤᠯᠠᠮᠵᠢᠯᠠᠨ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠬᠤ ᠶᠢᠨ | ᠲᠥᠯᠥᠭᠡ᠂ 7 ᠰᠠᠷ᠎ᠠ ᠶᠢᠨ 1 ᠤ ᠡᠳᠦᠷ ᠲᠠᠶᠢᠹᠤᠰᠧ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠢ ᠣᠯᠠᠨ ᠵᠦᠢᠯ ᠤᠨ ᠠᠷᠭ᠎ᠠ ᠭᠡᠯᠪᠡᠷᠢ ᠪᠠᠷ ︽7.1︾ ᠢᠶᠠᠨ ᠪᠡᠯᠭᠡᠯᠡᠬᠦ ᠭᠤᠤᠯ ᠰᠡᠳᠦᠪᠲᠦ | ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠭᠤᠤ ᠨᠠᠮ ᠤᠨ ᠢᠶᠠᠨ ᠲᠥᠷᠥᠭᠰᠡᠨ ᠡᠳᠦᠷ ᠲᠤ | ᠪᠡᠯᠡᠭ ᠬᠦᠷᠭᠡᠵᠦ᠂ ᠬᠤᠰᠢᠭᠤ ᠲᠠᠶᠠᠭᠠᠷ ᠲᠤ ᠨᠠᠮ ᠢᠶᠠᠨ ᠮᠠᠭᠲᠠᠨ ᠳᠠᠭᠤᠯᠠᠬᠤ᠂ ᠨᠠᠮ ᠢᠶᠠᠨ ᠬᠠᠶᠢᠷᠠᠯᠠᠨ | ᠬᠦᠨᠳᠦᠳᠬᠡᠬᠦ ᠬᠠᠯᠠᠭᠤᠨ ᠥᠷᠨᠢᠯᠲᠡ ᠭᠠᠷᠭᠠᠪᠠ᠃ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠡᠦᠬᠡ ᠶᠢᠨ | ᠦᠵᠡᠭᠦᠯᠦᠯᠭᠡ ᠶᠢᠨ ᠣᠷᠳᠣᠨ ᠳᠤ ᠬᠦᠷᠴᠦ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠠᠬᠠᠮᠠᠳ | ᠦᠶ᠎ᠡ ᠶᠢᠨ ᠬᠢᠨ ᠤ ᠵᠢᠳᠬᠦᠯ ᠲᠡᠮᠡᠴᠡᠯ ᠤᠨ ᠦᠯᠢᠭᠡᠷ ᠢ ᠰᠤᠨᠤᠰᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ | ᠰᠤᠨᠢᠷᠬᠠᠵᠤ᠂ ᠨᠠᠮ ᠤᠨ ᠭᠡᠷᠡᠯ ᠰᠠᠴᠤᠷᠠᠩᠭᠤᠢ ᠲᠡᠦᠭᠡ ᠪᠣᠯᠤᠨ ᠠᠤᠭ᠎ᠠ ᠶᠡᠭᠡ ᠭᠠᠪᠢᠶ᠎ᠠ ᠵᠢᠳᠬᠦᠯ ᠢ ᠭᠦᠨᠵᠡᠭᠡᠢ | ᠤᠶᠢᠯᠠᠭᠠᠵᠠᠢ ᠃ ᠤᠯᠠᠨ ᠢᠶᠠᠷ ᠢᠶᠠᠨ ᠪᠠᠰᠠ ᠦᠷᠡᠭᠳᠡᠭᠰᠡᠨ ᠪᠠᠭᠠᠲᠤᠷᠴᠤᠳ ᠤᠨ ᠤᠩᠭᠤᠨ ᠳᠤ ᠬᠦᠷᠴᠦ ᠰᠣᠷᠭᠤᠭ | ᠴᠡᠴᠡᠭ ᠬᠦᠷᠭᠡᠨ ᠪᠢᠰᠢᠷᠡᠨ ᠬᠦᠨᠳᠦᠳᠬᠡᠬᠦ ᠰᠡᠳᠬᠢᠯᠭᠡ ᠪᠠ ᠭᠠᠰᠢᠭᠤᠳᠠᠨ ᠲᠤᠷᠠᠰᠬᠤ ᠰᠡᠳᠬᠢᠯᠭᠡ ᠪᠠᠨ ᠢᠯᠡᠳᠬᠡᠪᠡ᠃ | ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶᠡᠨ ᠤ ᠡᠮᠦᠨ᠎ᠡ᠂ ᠨᠠᠮ ᠤᠨ ᠭᠡᠰᠢᠭᠦᠨ ᠺᠠᠳ᠋ᠷᠴᠤᠳ | ᠨᠠᠮ ᠳᠤ ᠣᠷᠣᠬᠤ ᠲᠠᠩᠭᠠᠷᠢᠭ ᠤᠨ ᠦᠭᠡᠰ ᠢ ᠡᠷᠬᠢᠴᠡᠬᠦᠯᠦᠨ ᠤᠩᠰᠢᠵᠤ᠂ ᠨᠠᠮ ᠠᠷᠠᠳ ᠲᠦᠮᠡᠨ ᠤ ᠪᠠᠨ ᠲᠥᠯᠥᠭᠡ | ᠨᠠᠰᠤᠨ ᠲᠤᠷᠰᠢᠳᠠ ᠵᠢᠳᠬᠦᠵᠦ ᠲᠡᠮᠡᠴᠡᠬᠦ ᠢᠳᠡᠭᠡᠯ ᠵᠣᠷᠢᠭ ᠢᠶᠠᠨ ᠢᠯᠡᠷᠭᠡᠶᠢᠯᠡᠭᠰᠡᠨ ᠪᠠᠶᠢᠨ᠎ᠠ᠃ ᠬᠤᠰᠢᠭᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠢᠨ ᠤᠯᠤᠰ ᠲᠠᠭᠠᠨ ᠪᠤᠴᠠᠭᠰᠠᠨ ᠬᠠᠷᠢᠶᠠᠳᠤ ᠨᠠᠷ ᠢ ᠤᠷᠢᠵᠤ ︽ | ᠤᠬᠠᠭᠠᠨ ᠴᠢᠳᠠᠯ ᠢᠶᠠᠨ ᠨᠢᠬᠳᠠᠷᠠᠭᠤᠯᠵᠤ ᠤᠯᠤᠰ ᠤᠷᠤᠨ ᠳᠠᠭᠠᠨ ᠵᠢᠳᠬᠦᠬᠦ︾ ᠭᠤᠣᠯ ᠰᠡᠳᠦᠪᠲᠦ ᠠᠵᠢᠯᠯᠠᠭ᠎ᠠ | ᠦᠷᠨᠢᠬᠦᠯᠦᠨ ᠂ ᠬᠠᠷᠢᠶᠠᠳᠤ ᠨᠠᠷ ᠤᠨ ᠡᠬᠡ ᠤᠷᠤᠨᠴᠢ ᠰᠡᠳᠬᠢᠯᠭᠡ ᠶᠢ ᠨᠡᠮᠡᠭᠳᠡᠬᠦᠯᠵᠦ᠂ ᠨᠤᠳᠤᠭ ᠤᠰᠤᠨ ᠤ ᠪᠠᠨ | ᠬᠦᠭᠵᠢᠯᠳᠡ ᠴᠤᠭᠴᠠᠯᠠᠯᠳᠠ ᠶᠢᠨ ᠲᠤᠬᠠᠢ ᠰᠤᠳᠤᠯᠤᠨ ᠶᠠᠷᠢᠯᠴᠠᠵᠠᠢ᠃ ᠡᠨᠡ ᠤᠳᠠᠭᠠᠨ ᠤ ︽7.1︾ ᠢᠶᠠᠨ | ᠪᠡᠯᠭᠡᠯᠡᠬᠦ ᠭᠤᠤᠯ ᠰᠡᠳᠦᠪᠲᠦ ᠠᠵᠢᠯᠯᠠᠭ᠎ᠠ ᠨᠢ ᠲᠠᠶᠢᠹᠤᠰᠧ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ ᠠᠮᠢᠳᠤᠯᠢᠭ ᠦᠢᠯᠡᠳᠦᠯᠭᠡ ᠪᠤᠯᠵᠤ᠂ ᠨᠠᠮ ᠤᠨ ᠲᠡᠦᠬᠡ ᠶᠢ | ᠡᠷᠬᠢᠴᠡᠬᠦᠯᠬᠦ ᠶᠢᠨ ᠲᠤᠮᠳᠠ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠪᠠᠳᠤᠳᠬᠠᠨ᠂ ᠡᠯ᠎ᠡ ᠡᠲᠡᠭᠡᠳ ᠤᠨ | ᠬᠥᠮᠦᠰ ᠲᠤ ᠨᠠᠮ ᠤᠨ ᠬᠠᠶᠢᠷ᠎ᠠ ᠬᠠᠯᠠᠮᠵᠢ ᠪᠣᠯᠤᠨ ᠬᠦᠴᠦᠨ ᠴᠢᠳᠠᠯ ᠢ ᠮᠡᠳᠡᠷᠡᠬᠦᠯᠦᠭᠰᠡᠨ ᠪᠠᠶᠢᠨ᠎ᠠ᠃ |