6 ᠰᠠᠷ᠎ᠠ ᠶᠢᠨ 26 ᠤ ᠡᠳᠦᠷ ︽ᠰᠡᠳᠬᠢᠯ ᠨᠢᠬᠡᠳᠦᠨ ᠬᠠᠮᠵᠢᠯᠴᠠᠵᠤ · ᠠᠯᠤᠰ ᠢᠷᠡᠭᠡᠳᠦᠶ ᠪᠠᠨ ᠶᠠᠷᠢᠯᠴᠠᠬᠤ︾ | ᠤᠶᠤᠲᠠᠳ ᠤᠨ ᠵᠣᠨ ᠤ ᠠᠮᠠᠷᠠᠯᠲᠠ ᠶᠢᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠲᠠᠶᠢᠹᠤᠰᠧ ᠬᠤᠰᠢᠭᠤᠨ ᠳᠤ | ᠶᠠᠪᠤᠭᠳᠠᠵᠤ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠶᠢᠨ 7 | ᠰᠤᠷᠤᠭᠴᠢ ᠪᠤᠤᠴᠠᠩ ᠪᠠᠯᠭᠠᠰᠤᠨ ᠤ ᠡᠤ ᠹᠦ᠋ ᠲᠣᠰᠬᠤᠨ ᠳᠤ ᠬᠦᠨᠵᠡᠬᠡᠶᠢᠷᠡᠨ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠲᠤᠰ ᠲᠣᠰᠬᠤᠨ ᠳᠤ ᠲᠣᠮᠢᠯᠠᠨ ᠰᠠᠭᠤᠯᠭᠠᠭᠰᠠᠨ | ᠨᠢᠭᠡᠳᠦᠭᠡᠷ ᠱᠦᠵᠢ ᠶᠢᠨ ᠵᠢᠯᠤᠭᠤᠳᠤᠯᠭ᠎ᠠ ᠳᠣᠣᠷ᠎ᠠ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠪᠠ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠡᠯᠪᠡᠭ ᠪᠠᠶᠠᠯᠢᠭ ᠦᠷ᠎ᠡ | ᠪᠦᠲᠦᠭᠡᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠪᠠᠶᠢᠨ᠎ᠠ᠃ ᠤᠶᠤᠳᠠᠳ ᠲᠣᠰᠬᠤᠨ ᠳᠤ ᠰᠠᠭᠤᠭ᠎ᠠ | ᠺᠠᠳ᠋ᠷᠴᠤᠳ ᠲᠠᠢ ᠶᠠᠷᠢᠯᠴᠠᠨ ᠵᠤᠭᠤᠭᠳᠠᠵᠤ᠂ ᠦᠨᠳᠦᠰᠦᠨ ᠱᠠᠲᠤᠨ ᠤ ᠠᠵᠢᠯ ᠤᠨ ᠪᠤᠳᠠᠳᠠᠢ ᠪᠠᠶᠢᠳᠠᠯ ᠢ ᠤᠶᠢᠯᠠᠭᠠᠨ᠂ | ᠬᠢᠴᠢᠶᠡᠯ ᠤᠨ ᠲᠠᠩᠬᠢᠮ ᠳᠤ ᠰᠣᠷᠣᠭᠰᠠᠨ ᠮᠡᠳᠡᠯᠭᠡ ᠪᠠᠨ ᠨᠡᠶᠢᠭᠡᠮ ᠤᠨ ᠦᠢᠯᠡᠳᠦᠯᠭᠡ ᠲᠠᠢ ᠭᠦᠨᠵᠡᠭᠡᠢ | ᠠᠭᠤᠰᠤᠯᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ | ᠠᠭᠤᠯᠤᠭᠳᠠᠬᠤᠨ ᠵᠢᠴᠢ ᠠᠷᠭ᠎ᠠ ᠵᠠᠮ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠪᠠ᠃ | ᠦᠢᠯᠡᠳᠦᠯᠭᠡ ᠶᠢᠨ ᠪᠦᠯᠬᠦᠮ ᠤᠨ ᠭᠡᠰᠢᠭᠦᠳ ᠪᠠᠰᠠ ᠪᠣᠤᠴᠠᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ | ᠦᠪᠡᠷᠰᠡᠳ ᠤᠨ ᠬᠢᠴᠢᠶᠡᠯ ᠰᠤᠷᠤᠯᠭ᠎ᠠ ᠶᠢᠨ ᠠᠷᠭ᠎ᠠ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠪᠣᠳᠠᠲᠤ | ᠪᠠᠶᠢᠳᠠᠯ ᠲᠠᠢ ᠣᠶᠢᠷᠠᠲᠤᠭᠰᠠᠨ ᠬᠡᠷᠡᠭ ᠤᠨ ᠵᠢᠱᠢᠶ᠎ᠡ ᠶᠢ ᠶᠠᠷᠢᠵᠤ᠂ ᠦᠯᠢᠭᠡᠷ ᠳᠠᠭᠤᠷᠢᠶᠠᠯ ᠤᠨ ᠬᠦᠴᠦᠨ ᠢᠶᠠᠷ | ᠲᠤᠮᠳᠠᠳᠤ ᠰᠤᠷᠭᠠᠭᠤᠯᠢ ᠶᠢᠨ ᠲᠡᠭᠦᠤ ᠨᠡᠷ ᠢᠶᠠᠨ ᠠᠯᠤᠰ ᠬᠡᠳᠦ ᠶᠢᠨ ᠬᠦᠰᠡᠯ ᠵᠣᠷᠢᠯᠲᠠ ᠶᠢ ᠪᠤᠢ ᠪᠣᠯᠭᠠᠵᠤ᠂ | ᠬᠢᠴᠢᠶᠡᠯ ᠰᠤᠷᠤᠯᠭ᠎ᠠ ᠶᠢᠨ ᠵᠠᠮ ᠳᠡᠭᠡᠷ᠎ᠡ ᠪᠠᠨ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠪᠠ᠃ ᠤᠶᠤᠳᠠᠨ | ᠶᠤᠸᠠᠨ ᠯᠢᠨ ᠢᠯᠡᠷᠬᠡᠶᠢᠯᠡᠬᠦ ᠳᠡᠭᠡᠨ᠂ ︽ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ᠶᠢᠨ ᠰᠤᠷᠤᠭᠴᠢ ᠪᠣᠯᠤᠭᠰᠠᠨ ᠤ | ᠬᠤᠪᠢ ᠳᠤ᠂ ᠬᠢᠴᠢᠶᠡᠯ ᠤᠨ ᠲᠠᠩᠬᠢᠮ ᠤᠨ ᠮᠡᠳᠡᠯᠭᠡ ᠶᠢ ᠪᠣᠳᠠᠲᠠᠶ ᠠᠮᠢᠳᠤᠷᠠᠯ ᠤᠨ ᠳᠤᠮᠳᠠ ᠬᠡᠷᠡᠭᠯᠡᠵᠦ᠂ ᠨᠠᠩ ᠣᠯᠠᠨ | ᠵᠠᠯᠠᠭᠤᠴᠤᠳ ᠲᠠᠢ ᠲᠤᠷᠰᠢᠯᠭ᠎ᠠ ᠪᠠᠨ ᠰᠤᠯᠢᠯᠴᠠᠭᠠᠳ᠂ ᠨᠡᠶᠢᠭᠡᠮ ᠤᠨ ᠦᠢᠯᠡᠳᠦᠯᠭᠡ ᠶᠢᠨ ᠦᠨ᠎ᠡ ᠥᠷᠲᠡᠭ ᠢ | ᠭᠦᠨᠵᠡᠭᠡᠶ ᠣᠶᠢᠯᠠᠭᠠᠵᠤ ᠴᠢᠳᠠᠯ᠎ᠠ᠃ ᠲᠠᠷᠠᠭᠠᠴᠢ ᠪᠠᠷ ᠲᠤᠬᠠᠢ ᠶᠢᠨ ᠭᠠᠵᠠᠷ ᠤᠨ ᠰᠤᠷᠤᠭᠴᠢᠳ ᠲᠠᠢ ᠬᠠᠮᠲᠤ ᠪᠠᠷ ᠨᠡᠩ | ᠤᠯᠠᠨ ᠤᠳᠬ᠎ᠠ ᠠᠭᠤᠯᠭ᠎ᠠ ᠲᠠᠢ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ︾ ᠬᠡᠯᠡ᠃ |