︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/7/2
      2025 ᠣᠨ ᠤ 5 ᠳ᠋ᠤᠭᠠᠷ ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 275 ᠳ᠋ᠤᠭᠠᠷ ᠲᠣᠭᠠᠲᠤ︶᠎ ᠶᠢ ᠨᠡᠶᠢᠲᠡᠯᠡᠵᠦ᠂ 2025 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       ᠨᠢᠭᠡ᠂ ᠲᠣᠭᠲᠠᠭᠠᠭᠰᠠᠨ ᠤ ᠴᠢᠬᠤᠯᠠ ᠴᠢᠨᠠᠷ       ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠢᠶᠠᠷ᠂ ᠵᠠᠰᠠᠭ ᠤᠨ ᠣᠷᠳᠣᠨ ᠤ ᠪᠢᠴᠢᠯ ᠠᠵᠢᠯ ᠶᠠᠪᠤᠳᠠᠯ ᠤᠨ ᠲᠠᠯ᠎ᠠ ᠳᠠᠬᠢ ᠬᠠᠮᠢᠶᠠᠷᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠬᠢᠨᠠᠨ ᠵᠥᠪᠰᠢᠶᠡᠷᠡᠬᠦ ᠵᠦᠢᠯᠡᠰ ᠢ ᠬᠡᠪ ᠢᠶᠠᠷ ᠪᠠᠶᠢᠯᠭᠠᠬᠤ ᠳᠤ ᠪᠠᠨ᠂ ᠡᠷᠬᠡ ᠶᠢᠨ ᠨᠠᠷᠢᠨ ᠳᠠᠩᠰᠠ ᠶᠢᠨ ᠳᠦᠷᠢᠮ ᠢ ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠴᠣᠪᠣᠷᠠᠯ ᠢ ᠢᠯᠡ ᠪᠣᠯᠭᠠᠵᠤ᠂ ᠬᠢᠨᠠᠨ ᠵᠥᠪᠰᠢᠶᠡᠷᠡᠬᠦ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠴᠢᠯᠦᠭᠡᠲᠡᠢ ᠲᠠᠰᠤᠯᠤᠯᠲᠠ ᠶᠢᠨ ᠡᠷᠬᠡ ᠶᠢ ᠪᠠᠭᠠᠰᠬᠠᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠢᠶᠠᠷ᠂ ᠵᠠᠰᠠᠭ ᠤᠨ ᠣᠷᠳᠣᠨ ᠤ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠶᠢᠨ ᠬᠢᠵᠠᠭᠠᠷ᠂ ᠶᠠᠪᠤᠴᠠ᠂ ᠬᠠᠷᠢᠭᠤᠴᠠᠯᠭ᠎ᠠ ᠶᠢ ᠨᠢ ᠬᠠᠤᠯᠢ ᠪᠠᠷ ᠲᠣᠭᠲᠠᠭᠠᠬᠤ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠠᠬᠢᠭᠤᠯᠤᠨ᠂ ᠪᠦᠬᠦ ᠤᠯᠤᠰ ᠢ ᠬᠠᠮᠤᠷᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ ᠠᠴᠠ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢᠨ ᠳᠦᠷᠢᠮ ᠢ ᠪᠠᠷᠢᠮᠲᠠᠯᠠᠨ ᠲᠤᠭᠤᠰᠢᠯᠠᠭᠤᠯᠤᠨ ᠬᠡᠷᠡᠭᠵᠢᠭᠦᠯᠵᠦ᠂ ᠨᠠᠷᠢᠨ ᠲᠠᠩᠰᠠ ᠶᠢᠨ ᠬᠡᠷᠡᠭᠯᠡᠯᠲᠡ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠪᠠ᠃       ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠶᠢᠨ᠎ᠠ᠄       ᠨᠢᠭᠡ ᠳᠤ ᠨᠠᠷᠢᠨ ᠳᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠦᠷᠢᠨ ᠲᠡᠭᠦᠯᠳᠡᠷ ᠪᠤᠰᠤ᠂ ᠴᠠᠭ ᠲᠤᠬᠠᠢ ᠳᠤ ᠨᠢ ᠬᠥᠳᠡᠯᠦᠩᠭᠦᠢ ᠪᠠᠷ ᠲᠣᠬᠢᠷᠠᠭᠤᠯᠤᠯᠲᠠ ᠬᠢᠭᠰᠡᠨ ᠦᠭᠡᠢ       ᠬᠤᠶᠠᠷ ᠲᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠦᠷᠢᠨ ᠭᠦᠢᠴᠡᠳᠬᠡᠭᠰᠡᠨ ᠦᠭᠡᠢ᠂ ︽ᠨᠠᠷᠢᠨ ᠳᠠᠩᠰᠠ ᠶᠢ ᠦᠨᠳᠦᠰᠦᠯᠡᠨ ᠬᠠᠷᠢᠭᠤᠴᠠᠯᠭ᠎ᠠ ᠪᠠᠨ ᠭᠦᠢᠴᠡᠳᠬᠡᠬᠦ︾ ᠴᠢᠳᠠᠪᠤᠷᠢ ᠨᠢ ᠬᠦᠷᠦᠯᠴᠡᠬᠦ ᠦᠭᠡᠢ ᠪᠠᠶᠢᠨ᠎ᠠ       ᠭᠤᠷᠪᠠ ᠳᠤ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠴᠠᠭᠤᠯᠬᠤ ᠳᠤ ᠬᠦᠴᠢᠷᠳᠡᠯ ᠶᠡᠭᠡ ᠪᠠᠶᠢᠵᠤ᠂ ᠬᠠᠤᠯᠢ ᠪᠠᠷ ᠵᠠᠰᠠᠬᠤ ᠲᠤᠯᠭᠠᠭᠤᠷᠢᠯᠠᠯ ᠳᠤᠲᠠᠮᠠᠭ ᠪᠠᠶᠢᠨ᠎ᠠ       ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠠᠬᠢᠭᠤᠯᠬᠤ ᠳᠤᠮᠳᠠᠬᠢ ᠰᠠᠭᠤᠷᠢ ᠴᠢᠨᠠᠷᠲᠠᠢ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠲᠣᠭᠲᠠᠭᠠᠬᠤ ᠴᠢᠬᠤᠯᠠᠲᠠᠢ ᠪᠠᠶᠢᠨ᠎ᠠ᠃       ᠬᠤᠶᠠᠷ᠂ ᠨᠡᠶᠢᠲᠡᠯᠡᠨ ᠬᠡᠷᠡᠭᠵᠢᠭᠦᠯᠬᠦ ᠶᠢᠨ ᠠᠴᠢ ᠬᠤᠯᠪᠣᠭᠳᠠᠯ       ︵ᠨᠢᠭᠡ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠪᠡ᠃       ︽ᠠᠷᠭ᠎ᠠ︾᠎ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠠᠵᠢᠯ ᠤᠨ ᠲᠠᠯ᠎ᠠ ᠳᠠᠬᠢ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠬᠤ᠂ ᠲᠣᠬᠢᠷᠠᠭᠤᠯᠬᠤ᠂ ᠨᠡᠶᠢᠲᠡᠯᠡᠬᠦ ᠪᠠ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠵᠤ᠂ ᠬᠠᠮᠢᠶᠠᠷᠴᠤ᠂ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ︔       ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ       ᠨᠠᠶᠢᠷᠠᠭᠤᠯᠤᠨ ᠵᠣᠬᠢᠶᠠᠬᠤ ᠭᠤᠣᠯ ᠴᠣᠭᠴᠠ ᠬᠡᠷᠡᠭᠵᠢᠭᠦᠯᠬᠦ ᠭᠤᠣᠯ ᠴᠣᠭᠴᠠ ᠬᠠᠷᠢᠭᠤᠴᠠᠯᠭ᠎ᠠ ᠶᠢᠨ ᠭᠤᠣᠯ ᠴᠣᠭᠴᠠ       ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠲᠣᠰ ᠠᠵᠢᠯ ᠲᠥᠷᠥᠯ᠂ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃       ︵ᠬᠤᠶᠠᠷ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠬᠤ ᠪᠠ ᠲᠣᠬᠢᠷᠠᠭᠤᠯᠬᠤ ᠳᠦᠷᠢᠮᠯᠡᠯ ᠢ ᠲᠣᠭᠲᠠᠭᠠᠪᠠ᠃       ︽ᠠᠷᠭ᠎ᠠ︾᠎ ᠳᠤ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠤᠯᠤᠰ ᠤᠨ ᠬᠠᠮᠢᠶ᠎ᠠ ᠪᠦᠬᠦᠢ ᠨᠠᠷᠢᠨ ᠲᠠᠩᠰᠠ ᠪᠠ ᠭᠠᠷᠴᠠᠭ ᠯᠤᠭ᠎ᠠ ᠰᠠᠶᠢᠲᠤᠷ ᠵᠣᠯᠭᠠᠭᠤᠯᠬᠤ ᠬᠡᠷᠡᠭᠲᠡᠢ︔ ᠡᠭᠦᠨ ᠤ ᠬᠠᠮᠲᠤ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠳᠤ ᠲᠣᠬᠢᠷᠠᠭᠤᠯᠤᠯᠲᠠ ᠬᠢᠬᠦ ᠪᠣᠳᠠᠲᠠᠢ ᠪᠠᠶᠢᠳᠠᠯ ᠢ ᠨᠠᠷᠢᠯᠢᠭᠵᠢᠭᠤᠯᠵᠤ ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠳᠤ ᠲᠥᠪᠯᠡᠷᠡᠭᠦᠯᠦᠨ ᠲᠣᠬᠢᠷᠠᠭᠤᠯᠤᠯᠲᠠ ᠬᠢᠬᠦ ᠪᠠ ᠣᠨᠴᠠ ᠵᠠᠷᠢᠮ ᠲᠣᠬᠢᠷᠠᠭᠤᠯᠤᠯᠲᠠ ᠬᠢᠬᠦ ᠳᠤ ᠵᠢᠷᠤᠮ ᠤᠨ ᠴᠢᠨᠠᠷᠲᠠᠢ ᠲᠣᠭᠲᠠᠭᠠᠯ ᠭᠠᠷᠭᠠᠪᠠ᠃       ︵ᠭᠤᠷᠪᠠ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠡᠶᠢᠲᠡᠯᠡᠬᠦ ᠪᠠ ᠬᠡᠷᠡᠭᠵᠢᠭᠦᠯᠬᠦ ᠱᠠᠭᠠᠷᠳᠠᠯᠭ᠎ᠠ ᠶᠢ ᠲᠣᠳᠣᠷᠬᠠᠶᠢᠯᠠᠪᠠ᠃       ︽ᠠᠷᠭ᠎ᠠ︾᠎ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ ᠤᠯᠤᠰ ᠤᠨ ᠨᠢᠭᠤᠴᠠ ᠳᠤ ᠬᠤᠯᠪᠣᠭᠳᠠᠬᠤ ᠶᠢ ᠭᠠᠷᠭᠠᠪᠠᠯ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠰᠠᠯᠠᠭ᠎ᠠ ᠮᠥᠴᠢᠷ ᠤᠨ ᠰᠦᠯᠵᠢᠶ᠎ᠡ᠂ ᠶᠡᠷᠦᠩᠬᠡᠶᠢᠯᠡᠭᠰᠡᠨ ᠴᠢᠨᠠᠷᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠵᠡᠷᠭᠡ ᠠᠴᠢᠶᠠᠯᠠᠪᠤᠷᠢ ᠪᠠ ᠠᠷᠭ᠎ᠠ ᠵᠠᠮ ᠢᠶᠠᠷ ᠨᠡᠶᠢᠲᠡᠯᠡᠬᠦ ᠬᠡᠷᠡᠭᠲᠡᠢ︔ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠪᠣᠳᠠᠲᠠᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠡᠷᠬᠡ ᠯᠦᠭᠡ ᠵᠣᠬᠢᠴᠠᠯᠳᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠰᠢᠰᠲ᠋ᠧᠮ ᠵᠢᠴᠢ ᠶᠡᠷᠦᠩᠬᠡᠶᠢᠯᠡᠭᠰᠡᠨ ᠴᠢᠨᠠᠷᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠵᠡᠷᠭᠡ ᠳᠤ ᠬᠡᠷᠡᠭᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃       ︵ᠳᠥᠷᠪᠡ︶ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ ᠬᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠪᠠ᠃       ︽ᠠᠷᠭ᠎ᠠ︾᠎ ᠳᠤ ᠲᠣᠭᠲᠠᠭᠠᠭᠰᠠᠨ ᠢᠶᠠᠷ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠳᠤ ᠲᠥᠪᠯᠡᠷᠡᠭᠦᠯᠦᠨ ᠲᠣᠬᠢᠷᠠᠭᠤᠯᠤᠯᠲᠠ ᠬᠢᠬᠦ ᠠᠴᠠ ᠡᠮᠦᠨ᠎ᠡ᠂ ᠲᠣᠰ ᠱᠠᠲᠤᠨ ᠤ ᠪᠠᠨ ᠨᠢᠭᠡᠨᠲᠡ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠯᠲᠡ ᠪᠠᠷ ᠳᠡᠮᠵᠢᠨ ᠦᠨᠡᠬᠡᠷ ᠡᠭᠡᠭᠦᠯᠦᠨ ᠬᠤᠷᠢᠶᠠᠬᠤ ᠴᠢᠬᠤᠯᠠᠲᠠᠢ ᠶᠢ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠳᠤ ᠲᠥᠪᠯᠡᠷᠡᠭᠦᠯᠦᠨ ᠲᠣᠬᠢᠷᠠᠭᠤᠯᠤᠯᠲᠠ ᠬᠢᠬᠦ ᠦᠶ᠎ᠡ ᠳᠤ ᠬᠠᠮᠲᠤ ᠳᠤ ᠨᠢ ᠡᠭᠡᠭᠦᠯᠦᠨ ᠬᠤᠷᠢᠶᠠᠬᠤ ᠬᠡᠷᠡᠭᠲᠡᠢ︔       ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠡᠳᠦᠷ ᠳᠣᠲᠣᠮ ᠤᠨ ᠦᠨᠡᠯᠡᠨ ᠵᠢᠱᠢᠯᠲᠡ ᠳᠤ᠂ ᠦᠨᠡᠨ ᠬᠦ ᠡᠭᠡᠭᠦᠯᠦᠨ ᠬᠤᠷᠢᠶᠠᠬᠤ ᠴᠢᠬᠤᠯᠠᠲᠠᠢ ᠭᠡᠵᠦ ᠦᠵᠡᠭᠰᠡᠨ ᠵᠠᠰᠠᠭ ᠵᠠᠬᠢᠷᠭᠠᠨ ᠤ ᠡᠷᠬᠡ ᠶᠢ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠴᠠᠭ ᠲᠤᠬᠠᠢ ᠳᠤ ᠨᠢ ᠲᠣᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠲᠣᠭᠲᠠᠭᠠᠯᠭᠠᠬᠤ ᠬᠡᠷᠡᠭᠲᠡᠢ᠃       ᠡᠭᠦᠨ ᠤ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠦᠨᠡᠯᠡᠨ ᠵᠢᠱᠢᠬᠦ ᠠᠷᠭ᠎ᠠ︾᠎ ᠶᠢ ᠢᠵᠢ ᠪᠦᠷᠢᠳᠦᠭᠦᠯᠦᠨ ᠲᠣᠭᠲᠠᠭᠠᠵᠤ᠂ ᠦᠨᠡᠯᠡᠨ ᠵᠢᠱᠢᠬᠦ ᠭᠤᠣᠯ ᠴᠣᠭᠴᠠ᠂ ᠬᠡᠪᠴᠢᠶ᠎ᠡ᠂ ᠠᠭᠤᠯᠭ᠎ᠠ᠂ ᠶᠠᠪᠤᠴᠠ ᠵᠢᠴᠢ ᠦᠷ᠎ᠡ ᠳ᠋ᠦᠩ ᠤᠨ ᠬᠡᠷᠡᠭᠯᠡᠯᠲᠡ ᠵᠡᠷᠭᠡ ᠶᠢ ᠨᠠᠷᠢᠯᠢᠭᠵᠢᠭᠤᠯᠪᠠ᠃       ᠭᠤᠷᠪᠠ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ       ︽ᠠᠷᠭ᠎ᠠ︾᠎ ᠶᠢ ᠨᠡᠶᠢᠲᠡ ᠲᠠᠪᠤᠨ ᠪᠦᠯᠦᠭ ᠬᠤᠷᠢᠨ ᠲᠤᠯᠤᠭᠠᠨ ᠵᠦᠢᠯ ᠬᠤᠪᠢᠶᠠᠵᠤ᠂ ᠪᠥᠬᠦ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠶᠡᠷᠦᠩᠬᠡᠢ ᠱᠠᠭᠠᠷᠳᠠᠯᠭ᠎ᠠ᠂ ᠨᠠᠶᠢᠷᠠᠭᠤᠯᠤᠨ ᠵᠣᠬᠢᠶᠠᠬᠤ ᠪᠠ ᠲᠣᠬᠢᠷᠠᠭᠤᠯᠬᠤ᠂ ᠨᠡᠶᠢᠲᠡᠯᠡᠬᠦ ᠪᠠ ᠬᠡᠷᠡᠭᠵᠢᠭᠦᠯᠬᠦ᠂ ᠬᠠᠤᠯᠢ ᠶᠢᠨ ᠬᠠᠷᠢᠭᠤᠴᠠᠯᠭ᠎ᠠ ᠵᠡᠷᠭᠡ ᠠᠭᠤᠯᠭ᠎ᠠ ᠳᠤ ᠲᠣᠳᠣᠷᠬᠠᠢ ᠲᠣᠭᠲᠠᠭᠠᠯ ᠭᠠᠷᠭᠠᠪᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄       ᠨᠢᠭᠡᠳᠦᠭᠡᠷ ᠪᠦᠯᠦᠭ ᠲᠤ ᠶᠡᠷᠦᠩᠬᠡᠢ ᠳᠦᠷᠢᠮ ᠨᠢ ᠨᠠᠶᠢᠳᠠ ᠨᠠᠢᠮᠠᠨ ᠵᠦᠢᠯ ᠪᠤᠢ       ︽ᠠᠷᠭ᠎ᠠ︾᠎ ᠶᠢ ᠲᠣᠭᠲᠠᠭᠠᠭᠰᠠᠨ ᠵᠣᠷᠢᠯᠭ᠎ᠠ᠂ ᠬᠡᠷᠡᠭᠯᠡᠭᠳᠡᠬᠦ ᠬᠡᠪᠴᠢᠶ᠎ᠡ᠂ ᠬᠤᠯᠪᠣᠭᠳᠠᠯ ᠪᠦᠬᠦᠢ ᠤᠬᠠᠭᠳᠠᠬᠤᠨ ᠵᠢᠴᠢ ᠦᠨᠳᠦᠰᠦᠨ ᠵᠠᠷᠴᠢᠮ ᠢ ᠲᠣᠭᠲᠠᠭᠠᠵᠤ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠵᠡᠷᠭᠡ ᠡᠯ᠎ᠡ ᠲᠠᠯ᠎ᠠ ᠶᠢᠨ ᠬᠢᠨ ᠤ ᠭᠤᠣᠯ ᠪᠣᠯᠬᠤ ᠲᠤᠰᠢᠶᠠᠯ ᠬᠠᠷᠢᠭᠤᠴᠠᠯᠭ᠎ᠠ ᠶᠢ ᠨᠢ ᠲᠣᠳᠣᠷᠬᠠᠶᠢᠯᠠᠪᠠ᠃       ᠬᠤᠶᠠᠳᠤᠭᠠᠷ ᠪᠦᠯᠦᠭ ᠲᠤ ᠨᠠᠶᠢᠷᠠᠭᠤᠯᠤᠨ ᠵᠣᠬᠢᠶᠠᠬᠤ ᠪᠠ ᠲᠣᠬᠢᠷᠠᠭᠤᠯᠬᠤ ᠲᠠᠯ᠎ᠠ ᠪᠠᠷ ᠨᠡᠶᠢᠲᠡ ᠳᠣᠯᠣᠭᠠᠨ ᠵᠦᠢᠯ ᠪᠤᠢ       ᠭᠤᠣᠯᠳᠠᠭᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠲᠣᠬᠢᠷᠠᠭᠤᠯᠬᠤ ᠪᠠᠶᠢᠳᠠᠯ᠂ ᠲᠥᠪᠯᠡᠷᠡᠭᠦᠯᠦᠨ ᠲᠣᠬᠢᠷᠠᠭᠤᠯᠬᠤ ᠪᠠ ᠣᠨᠴᠠ ᠵᠠᠷᠢᠮ ᠵᠦᠢᠯ ᠤᠨ ᠲᠣᠬᠢᠷᠠᠭᠤᠯᠬᠤ ᠶᠠᠪᠤᠴᠠ᠂ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠭᠰᠠᠨ ᠢ ᠨᠢ ᠦᠨᠡᠯᠡᠨ ᠵᠢᠱᠢᠬᠦ ᠠᠷᠭ᠎ᠠ ᠮᠠᠶ᠋ᠢᠭ᠂ ᠴᠢᠬᠤᠯᠠ ᠵᠦᠢᠯᠡᠰ ᠤᠨ ᠮᠠᠲ᠋ᠧᠷᠢᠶᠠᠯ ᠵᠡᠷᠭᠡ ᠠᠭᠤᠯᠭ᠎ᠠ ᠶᠢ ᠲᠣᠭᠲᠠᠭᠠᠵᠠᠢ᠃       ᠭᠤᠷᠪᠠᠳᠤᠭᠠᠷ ᠪᠦᠯᠦᠭ ᠲᠤ ᠨᠡᠶᠢᠲᠡᠯᠡᠬᠦ ᠪᠠ ᠬᠡᠷᠡᠭᠵᠢᠭᠦᠯᠬᠦ ᠲᠠᠯ᠎ᠠ ᠪᠠᠷ ᠨᠡᠶᠢᠳᠡ ᠲᠤᠯᠤᠭᠠᠨ ᠵᠦᠢᠯ ᠪᠤᠢ       ᠭᠤᠣᠯᠳᠠᠭᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠡᠶᠢᠲᠡᠯᠡᠬᠦ ᠠᠷᠭ᠎ᠠ ᠮᠠᠶ᠋ᠢᠭ᠂ ᠬᠡᠷᠡᠭᠵᠢᠭᠦᠯᠬᠦ ᠠᠷᠭ᠎ᠠ ᠮᠠᠶ᠋ᠢᠭ᠂ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ ᠮᠠᠶ᠋ᠢᠭ᠂ ᠬᠢᠨᠠᠯᠲᠠ ᠲᠠᠯᠪᠢᠬᠤ ᠠᠷᠭ᠎ᠠ ᠮᠠᠶ᠋ᠢᠭ ᠵᠢᠴᠢ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠶᠢᠨ ᠬᠤᠷᠢᠭᠠᠲᠠᠢ ᠦᠢᠯᠡ ᠠᠵᠢᠯᠯᠠᠭ᠎ᠠ ᠶᠢ ᠲᠣᠭᠲᠠᠭᠠᠵᠠᠢ᠃       ᠳᠥᠷᠪᠡᠳᠦᠭᠡᠷ ᠪᠦᠯᠦᠭ᠂ ᠲᠠᠪᠤᠳᠤᠭᠠᠷ ᠪᠦᠯᠦᠭ ᠲᠤ ᠬᠠᠤᠯᠢ ᠶᠢᠨ ᠬᠠᠷᠢᠭᠤᠴᠠᠯᠭ᠎ᠠ ᠪᠠ ᠳᠠᠭᠠᠯᠳᠤᠭᠤᠯᠤᠯ ᠳᠦᠷᠢᠮ ᠨᠡᠶᠢᠳᠡ ᠲᠠᠪᠤᠨ ᠵᠦᠢᠯ ᠪᠤᠢ       ᠭᠤᠣᠯᠳᠠᠭᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠵᠥᠷᠢᠴᠡᠭᠰᠡᠨ ᠵᠢᠴᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠵᠡᠷᠭᠡ ᠡᠭᠦᠷᠭᠡᠯᠡᠪᠡᠰᠦ ᠴᠢᠬᠤᠯᠠᠲᠠᠢ ᠵᠣᠬᠢᠬᠤ ᠬᠠᠷᠢᠭᠤᠴᠠᠯᠭ᠎ᠠ ᠶᠢ ᠨᠢ ᠲᠣᠭᠲᠠᠭᠠᠵᠤ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠶᠢᠨ ᠤᠬᠠᠭᠳᠠᠬᠤᠨ ᠵᠢᠴᠢ ︽ᠠᠷᠭ᠎ᠠ︾᠎ ᠶᠢᠨ ᠬᠦᠴᠦᠨ ᠲᠠᠢ ᠪᠣᠯᠬᠤ ᠡᠳᠦᠷ ᠬᠤᠭᠤᠴᠠᠭ᠎ᠠ ᠶᠢ ᠲᠣᠳᠣᠷᠬᠠᠶᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号