ᠶᠦᠩ ᠹᠧᠩ ᠪᠠᠯᠭᠠᠰᠤ ᠰᠢᠯᠢᠳᠡᠭ ᠨᠠᠮ ᠤᠨ ᠭᠡᠰᠢᠬᠦᠳ ᠢ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/7/2
    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠤᠢ ᠶᠢ ᠪᠡᠯᠭᠡᠯᠡᠵᠦ᠂ ᠭᠡᠷᠡᠯ ᠰᠠᠴᠤᠷᠠᠩᠭᠤᠢ ᠲᠡᠦᠬᠡ ᠶᠢ ᠳᠤᠷᠠᠰᠤᠨ᠂ ᠥᠷᠭᠡᠨ ᠤᠯᠠᠨ ᠨᠠᠮ ᠤᠨ ᠭᠡᠰᠢᠬᠦᠳ ᠤᠨ ᠨᠠᠮ ᠤᠨ ᠢᠶᠠᠨ ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠣᠨᠣᠰᠬᠤ᠂ ᠨᠠᠮ ᠢᠶᠠᠨ ᠲᠠᠭᠠᠵᠤ ᠤᠷᠤᠭᠰᠢᠯᠠᠬᠤ ᠶᠢ ᠵᠣᠷᠢᠭᠵᠢᠭᠤᠯᠵᠤ᠂ ᠨᠠᠮ ᠤᠨ ᠭᠡᠰᠢᠭᠦᠨ ᠤ ᠵᠢᠱᠢᠶ᠎ᠡ ᠲᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ 6 ᠰᠠᠷ᠎ᠠ ᠶᠢᠨ 30 ᠤ ᠡᠳᠦᠷ ᠶᠦᠩ ᠹᠧᠩ ᠪᠠᠯᠭᠠᠰᠤ ᠨᠢ ︽7.1︾ ᠢ ᠪᠡᠯᠭᠡᠯᠡᠬᠦ ᠪᠠ ᠰᠢᠯᠢᠳᠡᠭ ᠡᠪ ᠬᠠᠮᠲᠤ ᠨᠠᠮ ᠤᠨ ᠭᠡᠰᠢᠭᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠰᠢᠯᠢᠳᠡᠭ ᠨᠠᠮ ᠤᠨ ᠭᠡᠰᠢᠭᠦᠨ ᠤ ᠲᠥᠯᠥᠭᠡᠯᠡᠭᠴᠢ ᠵᠡᠷᠭᠡ  ᠭᠤᠴᠢᠭᠠᠳ ᠬᠥᠮᠦᠨ ᠬᠤᠷᠠᠯ ᠳᠤ ᠤᠷᠤᠯᠴᠠᠵᠠᠢ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠱᠧᠩ  ᠪᠦᠬᠦ ᠨᠠᠮ ᠤᠨ ᠭᠡᠰᠢᠬᠦᠳ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠡᠷᠬᠢᠴᠡᠬᠦᠯᠦᠨ ᠤᠩᠰᠢᠭᠰᠠᠨ ᠤ ᠳᠠᠷᠠᠭ᠎ᠠ᠂ ᠠᠬᠠᠮᠠᠳ ᠨᠠᠮ ᠤᠨ ᠭᠡᠰᠢᠭᠦᠨ᠂ ᠰᠢᠯᠢᠳᠡᠭ ᠨᠠᠮ ᠤᠨ ᠭᠡᠰᠢᠭᠦᠨ ᠤ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠭᠰᠠᠨ ᠪᠠᠶᠢᠨ᠎ᠠ᠃ ᠸᠠᠩ ᠵᠢᠶᠦ᠋ᠨ ᠱᠧᠩ ᠶᠠᠷᠢᠶᠠᠨ ᠳᠠᠭᠠᠨ᠂  ᠪᠦᠬᠦ ᠪᠠᠯᠭᠠᠰᠤᠨ ᠤ  ᠡᠯ᠎ᠡ ᠨᠠᠮ ᠤᠨ ᠡᠭᠦᠷ ᠪᠠ ᠦᠷᠭᠡᠨ ᠤᠯᠠᠨ ᠨᠠᠮ ᠤᠨ ᠭᠡᠰᠢᠬᠦᠳ ᠨᠢ ︽ᠠᠷᠪᠠᠨ ᠲᠠᠪᠤᠳᠤᠭᠠᠷ ᠲᠠᠪᠤᠨ ᠵᠢᠯ︾ ᠤᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠴᠢᠬᠤᠯᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠲᠤᠮᠳᠠᠳᠤ ᠶᠢᠨ ᠦᠨᠳᠦᠰᠦᠳᠡᠨ  ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠤᠨ ᠲᠤᠭᠤᠷᠢᠨ ᠳᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠲᠠᠰᠤᠷᠠᠯᠲᠠ ᠦᠭᠡᠢ ᠴᠢᠩᠭᠠᠳᠬᠠᠨ᠂ ᠡᠷᠡᠰ ᠭᠤᠶᠢᠪᠢᠰᠢ ᠦᠭᠡᠢ ᠤᠯᠤᠰ ᠲᠦᠷᠦ ᠶᠢᠨ ᠲᠣᠭᠲᠠᠯ ᠬᠦᠴᠦᠨ᠂ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠤᠬᠠᠮᠰᠠᠷ᠂ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠥᠨᠳᠥᠷ ᠪᠦᠲᠦᠮᠵᠢᠲᠡᠢ ᠦᠢᠯᠡᠴᠢᠯᠡᠭᠡᠨ ᠤ ᠴᠢᠳᠠᠪᠤᠷᠢ᠂ ᠤᠷᠳᠤ ᠬᠤᠭᠤᠴᠠᠭ᠎ᠠ ᠪᠠᠷ ᠴᠢᠷᠮᠠᠶᠢᠬᠤ ᠠᠵᠢᠯ ᠤᠨ ᠡᠷᠴᠢ ᠵᠣᠷᠢᠭ ᠢᠶᠠᠷ ᠪᠦᠬᠦ ᠪᠠᠯᠭᠠᠰᠤᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠶᠦᠩ ᠹᠧᠩ ᠪᠠᠯᠭᠠᠰᠤᠨ ᠤ ᠠᠵᠤ ᠦᠢᠯᠡᠰ ᠬᠥᠭᠵᠢᠭᠰᠡᠨ᠂ ᠠᠮᠢ ᠠᠬᠤᠢ ᠰᠠᠶᠢᠵᠢᠷᠠᠭᠰᠠᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂  ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭ ᠬᠥᠭᠵᠢᠯᠲᠡ ᠶᠢᠨ ᠰᠢᠨ᠎ᠡ ᠵᠢᠷᠤᠭ ᠲᠥᠯᠥᠪᠯᠡᠭᠡ ᠶᠢ ᠰᠠᠶᠢᠲᠤᠷ ᠵᠢᠷᠤᠭᠯᠠᠵᠤ᠂ ᠪᠦᠬᠦ ᠪᠠᠯᠭᠠᠰᠤᠨ ᠤ ᠠᠷᠠᠳ ᠲᠦᠮᠡᠨ ᠳᠤ ᠬᠠᠨᠤᠮᠵᠢᠲᠠᠢ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号