6 ᠰᠠᠷ᠎ᠠ ᠶᠢᠨ 30 ᠤ ᠡᠳᠦᠷ᠂ ᠴᠢᠶᠠᠨ ᠶᠢᠨ ᠭᠸᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ | ᠵᠦᠸᠧ ︽ᠰᠤᠷᠲᠠᠯ ᠤᠨ ᠰᠠᠭᠤᠷᠢ ᠶᠢ ᠪᠠᠬᠢᠵᠢᠭᠦᠯᠵᠦ ᠲᠦᠷᠢᠮ ᠤᠨ ᠬᠤᠷᠢᠭ᠎ᠠ ᠶᠢ ᠴᠢᠩᠭᠠᠳᠬᠠᠬᠤ︾ ᠰᠡᠳᠦᠪ ᠢᠶᠠᠷ | ᠪᠦᠬᠦ ᠪᠠᠯᠭᠠᠰᠤᠨ ᠤ ᠺᠠᠳ᠋ᠷ ᠠᠵᠢᠯᠳᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ ︵ | ᠡᠷᠬᠢᠯᠡᠭᠴᠢ ᠶᠢᠨ ᠲᠤᠰᠠᠯᠠᠭᠴᠢ︶ ᠨᠠᠷ ᠲᠤ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠢ ᠰᠡᠳᠦᠪᠲᠦ ᠨᠠᠮ ᠤᠨ | ᠬᠢᠴᠢᠶᠡᠯ ᠣᠷᠣᠪᠠ᠃ ᠨᠠᠮ ᠤᠨ ᠬᠢᠴᠢᠶᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠰᠠᠬᠢᠯᠭ᠎ᠠ ᠪᠠᠲᠤ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ | ᠣᠶᠢᠯᠠᠭᠠᠬᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠠᠮᠵᠢᠯᠳᠠ ᠲᠤᠷᠰᠢᠯᠭ᠎ᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠡᠷᠭᠡᠭ ᠢᠶᠠᠷ ᠲᠠᠨᠢᠬᠤ᠂ | ᠲᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠬᠤ᠂ | ᠰᠤᠷᠲᠠᠯ ᠢ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠦᠷ᠎ᠡ ᠪᠦᠲᠦᠮᠵᠢ ᠲᠠᠢ ᠠᠬᠢᠭᠤᠯᠬᠤ ᠶᠢᠨ | ᠲᠣᠭᠤᠷᠢᠨ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠪᠠᠯᠭᠠᠰᠤᠨ ᠲᠤᠰᠬᠤᠨ ᠤ | ᠪᠤᠳᠠᠳᠤ ᠠᠵᠢᠯ ᠯᠤᠭ᠎ᠠ ᠬᠡᠷᠬᠢᠨ ᠤᠶᠠᠯᠳᠤᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠵᠠᠢ᠃ ᠨᠠᠮ ᠤᠨ | ᠬᠢᠴᠢᠶᠡᠯ ᠳᠤ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠰᠠᠶᠢᠨ ︽ᠳᠠᠭᠠᠭᠤᠯᠤᠭᠴᠢ︾ | ᠪᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠪᠤᠴᠠ ᠳᠤ᠂ | ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ | ᠲᠠᠰᠤᠷᠠᠯᠲᠠ ᠥᠬᠡᠶ ᠴᠢᠩᠭᠠᠳᠬᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠮ ᠤᠨ ᠭᠡᠰᠢᠭᠦᠨ | ᠺᠠᠳ᠋ᠷᠴᠤᠳ ᠤᠨ ᠤᠬᠠᠮᠰᠠᠷᠲᠤ ᠵᠢᠷᠤᠮᠯᠠᠯ ᠪᠣᠯᠭᠠᠬᠤ ᠬᠡᠷᠡᠭᠲᠡᠶ᠃ ᠠᠷᠢᠭᠤᠨ ᠴᠢᠬᠡᠴᠢ ᠶᠢ ᠪᠠᠳᠤᠯᠠᠬᠤ ᠲᠠᠯ᠎ᠠ ᠪᠠᠷ ᠰᠠᠶᠢᠨ | ︽ᠳᠠᠭᠠᠭᠤᠯᠤᠭᠴᠢ︾ ᠪᠤᠯᠵᠤ ᠂ ᠴᠠᠭ ᠢᠮᠠᠭᠲᠠ ᠥᠪᠡᠷ ᠢ ᠪᠠᠨ ᠰᠡᠷᠡᠮᠵᠢᠯᠡᠬᠦᠯᠦᠨ᠂ ᠠᠷᠢᠭᠤᠨ ᠴᠢᠬᠡᠴᠢ ᠶᠢᠨ | ᠬᠤᠷᠢᠭ᠎ᠠ ᠱᠤᠭᠤᠮ ᠢ ᠰᠠᠬᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠠᠯᠪᠠᠨ | ᠵᠠᠷᠤᠴᠠ ᠶᠢᠨ ᠤᠤᠷ ᠴᠢᠨᠠᠷ ᠢᠶᠠᠨ ᠢᠮᠠᠭᠲᠠ ᠪᠠᠲᠤᠯᠠᠬᠤ ᠬᠡᠷᠡᠭᠲᠡᠶ᠃ ᠴᠡᠭᠴᠡᠯᠡᠨ ᠵᠠᠰᠠᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠲᠠᠯ᠎ᠠ ᠪᠠᠷ ᠰᠠᠶᠢᠨ ︽ᠳᠠᠭᠠᠭᠤᠯᠤᠭᠴᠢ︾ ᠪᠤᠯᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ | ᠰᠠᠭᠤᠷᠢᠯᠠᠨ᠂ ᠰᠤᠷᠲᠠᠯ ᠤᠨ ᠪᠠᠶᠢᠭᠤᠯᠤᠯᠲᠠ ᠶᠢ ᠡᠳᠦᠷ ᠲᠤᠳᠤᠮ ᠤᠨ ᠠᠵᠢᠯ ᠳᠠᠭᠠᠨ ᠨᠠᠶᠢᠳᠠᠪᠤᠷᠢᠵᠢᠭᠤᠯᠵᠤ᠂ | ᠲᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠳᠠᠯᠳᠠ ᠬᠤᠪᠢᠷᠠᠯᠲᠠ ᠪᠠ ᠳᠠᠬᠢᠨ | ᠡᠬᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠠᠯᠭᠠᠰᠤᠨ ᠤ ᠤᠳᠤᠷᠢᠳᠤᠯᠭ᠎ᠠ᠂ ᠲᠣᠰᠬᠤᠨ ᠤ ᠱᠦᠵᠢ ᠨᠠᠷ | ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠱᠠᠳᠤ ᠱᠠᠳᠤ ᠪᠠᠷ ᠠᠳᠬᠤᠨ᠂ ᠱᠠᠳᠤ ᠱᠠᠳᠤ ᠪᠠᠷ | ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠨᠡᠨ ᠪᠤᠳᠠᠳᠠᠢ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠲᠤᠰᠬᠠᠶ ᠰᠡᠳᠦᠪᠲᠦ ᠨᠠᠮ ᠤᠨ ᠬᠢᠴᠢᠶᠡᠯ ᠢ ᠰᠤᠨᠤᠰᠤᠭᠰᠠᠨ ᠨᠠᠮ ᠤᠨ | ᠭᠡᠰᠢᠭᠦᠨ ᠺᠠᠳ᠋ᠷᠴᠤᠳ ᠢᠯᠡᠷᠭᠡᠶᠢᠯᠡᠬᠦ ᠳᠡᠭᠡᠨ᠂ ᠡᠨᠡ ᠤᠳᠠᠭᠠᠨ ᠨᠠᠮ ᠤᠨ ᠬᠢᠴᠢᠶᠡᠯ ᠢᠶᠠᠷ ᠠᠵᠠ ᠲᠣᠬᠢᠶᠠᠯ ᠪᠤᠯᠭᠠᠨ᠂ | ᠨᠠᠩ ᠥᠨᠳᠥᠷ ᠪᠠᠷᠢᠮᠵᠢᠶ᠎ᠠ ᠪᠠᠷ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠠᠷᠢᠭᠤᠨ ᠴᠢᠭᠡᠴᠢ ᠮᠤᠷᠠᠯ | ᠰᠤᠷᠲᠠᠯ ᠢ ᠡᠷᠬᠢᠮᠯᠡᠨ᠂ ᠨᠠᠩ ᠡᠷᠡᠰ ᠰᠢᠭᠤᠷᠬᠠᠶ ᠣᠪᠣᠷ᠂ ᠨᠡᠩ ᠡᠷᠴᠢ ᠬᠦᠴᠦᠲᠡᠶ ᠠᠷᠭ᠎ᠠ ᠂ ᠨᠡᠩ ᠪᠣᠳᠠᠲᠠᠶ ᠶᠢ | ᠡᠷᠬᠢᠮᠯᠡᠬᠦ ᠰᠤᠷᠲᠠᠯ ᠢᠶᠠᠷ ᠡᠯ᠎ᠡ ᠲᠦᠷᠦᠯ ᠤᠨ ᠠᠵᠢᠯ ᠦᠢᠯᠡᠰ ᠢᠶᠠᠨ ᠴᠢᠨᠠᠭᠰᠢᠳᠠ ᠠᠬᠢᠭᠤᠯᠤᠨ᠎ᠠ ᠭᠡᠯᠡ᠃ |