ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 30 ᠤ ᠴᠠᠭᠢᠯᠭᠠᠨ ᠮᠡᠳᠡᠭᠡ ᠳᠣᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 6 ᠰᠠᠷ᠎ᠠ ᠶᠢᠨ 30 ᠤ ᠦᠳᠡ ᠶᠢᠨ ᠬᠤᠶᠢᠨ᠎ᠠ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ︽ᠳᠥᠷᠪᠡᠨ ᠰᠤᠷᠲᠠᠯ︾ ᠢ ᠵᠠᠯᠠᠷᠠᠭᠤᠯᠬᠤ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠬᠤᠷᠢᠨ ᠨᠢᠭᠡᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ᠂ ᠪᠦᠭᠦ ᠤᠯᠤᠰ ᠤᠨ ᠥᠷᠭᠡᠨ ᠤᠯᠠᠨ ᠡᠪ ᠬᠠᠮᠲᠤ ᠨᠠᠮ ᠤᠨ | ᠭᠡᠰᠢᠭᠦᠨ ᠳᠤ ︽7·1︾ ᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ︕ ᠲᠡᠷᠡ ᠰᠤᠷᠤᠯᠴᠠᠯᠭ᠎ᠠ ᠶᠢ ᠡᠷᠭᠢᠯᠡᠭᠦ ᠳᠡᠭᠡᠨ᠂ | ᠥᠪᠡᠷ ᠪᠡᠶ᠎ᠡ ᠶᠢᠨ ᠬᠤᠪᠢᠰᠬᠠᠯ ᠬᠢᠬᠦ ᠪᠣᠯ ᠮᠠᠨ ᠤ ᠨᠠᠮ ᠤᠨ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡᠨ | ᠦᠶᠡᠯᠡᠯ ᠠᠴᠠ ᠮᠤᠯᠲᠤᠷᠠᠬᠤ ᠬᠤᠶᠠᠳᠤᠭᠠᠷ ᠬᠠᠷᠢᠭᠤᠯᠲᠠ ᠪᠣᠯᠣᠨ᠎ᠠ᠂ ᠰᠤᠷᠲᠠᠯ ᠢ ᠠᠳᠬᠤᠬᠤ ᠠᠴᠠ ᠭᠠᠷᠳᠠᠨ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ | ᠴᠢᠬᠤᠯᠠ ᠲᠤᠷᠰᠢᠯᠭ᠎ᠠ ᠪᠣᠯᠣᠨ᠎ᠠ᠃ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠬᠤ ᠳᠤ ᠲᠠᠨᠢᠯᠲᠠ ᠪᠠᠨ | ᠳᠡᠭᠡᠭᠰᠢᠯᠡᠭᠦᠯᠭᠦ᠂ ᠨᠠᠮᠴᠢ ᠴᠢᠨᠠᠷ ᠢᠶᠠᠨ ᠴᠢᠩᠭᠠᠳᠬᠠᠬᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ᠂ ᠬᠢᠨᠠᠯᠲᠠ ᠲᠠᠯᠪᠢᠵᠤ | ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠳᠠᠯᠠᠬᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ | ᠵᠡᠷᠭᠡ ᠲᠠᠯ᠎ᠠ ᠪᠠᠷ ᠤᠯᠠᠮ ᠨᠢᠭᠡ ᠠᠯᠬᠤᠮ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ | ᠰᠤᠷᠲᠠᠯ ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ ᠲᠠᠰᠤᠭ ᠤᠨ ᠡᠷᠭᠢᠯᠡᠭᠴᠢ ᠵᠤᠤ ᠪᠦᠦ ᠭᠦᠸᠧ ᠨᠥᠬᠦᠷ ᠡᠨᠡ ᠬᠦ | ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ | ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ | ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠪᠠᠨ ᠪᠠᠲᠤᠵᠢᠭᠤᠯᠬᠤ ᠠᠷᠭ᠎ᠠ ᠮᠥᠨ᠂ | ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ ᠠᠷᠭ᠎ᠠ ᠬᠡᠮᠵᠢᠶ᠎ᠡ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠨᠠᠢᠮᠠᠨ ᠲᠣᠭᠲᠠᠭᠠᠯ ᠢᠶᠠᠷ ᠡᠭᠢᠯᠡᠯᠳᠡ | ᠪᠣᠯᠭᠠᠨ ᠠᠰᠠᠭᠤᠳᠠᠯ ᠢ ᠰᠢᠢᠳᠪᠦᠷᠢᠯᠡᠵᠦ᠂ ᠲᠡᠮᠦᠷ ᠮᠡᠲᠦ ᠳᠦᠷᠢᠮ ᠢ ᠲᠣᠭᠲᠠᠭᠠᠬᠤ᠂ ᠬᠠᠲᠠᠭᠤ ᠪᠠᠷ ᠬᠢᠵᠠᠭᠠᠷᠯᠠᠬᠤ ᠶᠢ | ᠪᠠᠷᠢᠮᠲᠠᠯᠠᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠲᠥᠪ ᠤᠨ ᠤᠯᠤᠰ ᠲᠦᠷᠦ ᠶᠢᠨ | ᠲᠣᠪᠴᠢᠶ᠎ᠠ ᠲᠦᠷᠦᠭᠦᠯᠡᠨ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ︽ᠳᠥᠷᠪᠡᠨ ᠰᠤᠷᠲᠠᠯ︾ ᠢ | ᠵᠠᠯᠠᠷᠠᠭᠤᠯᠬᠤ ᠳᠤ ᠲᠥᠪᠯᠡᠷᠡᠩᠭᠦᠢ ᠬᠥᠮᠦᠵᠢᠯ ᠬᠢᠬᠦ ᠪᠠ ᠠᠯᠢ ᠣᠯᠠᠨ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤ ᠠᠳᠬᠤᠬᠤ ᠨᠠᠷᠢᠯᠢᠭ ᠠᠳᠬᠤᠬᠤ ᠤᠷᠲᠤ ᠬᠤᠭᠤᠴᠠᠭ᠎ᠠ ᠪᠠᠷ ᠠᠳᠬᠤᠬᠤ ᠶᠢ | ᠪᠠᠷᠢᠮᠲᠠᠯᠠᠵᠤ᠂ ᠨᠢᠭᠡ ᠭᠤᠭᠴᠤᠭ᠎ᠠ ᠨᠢᠭᠡ ᠭᠤᠭᠴᠤᠭ᠎ᠠ ᠪᠠᠷ ᠪᠠᠲᠤ ᠰᠠᠬᠢᠬᠤ ᠪᠠ ᠠᠬᠢᠭᠤᠯᠵᠤ᠂ ᠨᠠᠮᠴᠢ ᠴᠢᠨᠠᠷ ᠨᠠᠮ ᠤᠨ | ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ | ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠥᠩᠭᠡᠷᠡᠭᠰᠡᠨ ᠳᠤ ᠬᠤᠷᠢᠭᠯᠠᠵᠤ ᠳᠡᠶᠢᠯᠭᠦ | ᠦᠭᠡᠢ ᠭᠡᠵᠦ ᠦᠵᠡᠵᠦ ᠪᠠᠶᠢᠭᠰᠠᠨ ᠴᠥᠭᠡᠨ ᠪᠤᠰᠤ ᠭᠠᠵᠢᠭᠤ ᠰᠤᠷᠲᠠᠯ ᠢ ᠬᠤᠷᠢᠭᠯᠠᠵᠤ᠂ ᠣᠯᠠᠨ ᠵᠢᠯ ᠤᠨ ᠲᠤᠷᠰᠢ | ᠠᠷᠢᠯᠭᠠᠵᠤ ᠳᠡᠶᠢᠯᠭᠦ ᠦᠭᠡᠢ ᠪᠠᠶᠢᠭᠰᠠᠨ ᠠᠷᠬᠠᠭ ᠭᠡᠮ ᠢ ᠠᠷᠢᠯᠭᠠᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠮᠠᠰᠢ | ᠣᠯᠠᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠴᠣ ᠰᠢᠨ᠎ᠡ ᠪᠣᠯᠵᠤ᠂ ᠨᠠᠮ ᠢ | ᠬᠠᠮᠢᠶᠠᠷᠴᠤ ᠨᠠᠮ ᠢ ᠵᠠᠰᠠᠬᠤ ᠲᠦᠪᠰᠢᠨ ᠪᠦᠬᠦᠯᠢ ᠴᠣᠭᠴᠠ ᠪᠠᠷ ᠳᠡᠭᠡᠭᠰᠢᠯᠡᠬᠦ ᠶᠢ ᠠᠬᠢᠭᠤᠯᠵᠤ᠂ ᠨᠠᠮ ᠪᠠ ᠤᠯᠤᠰ ᠤᠨ ᠠᠵᠢᠯ | ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠪᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠮᠠᠨ ᠤ ᠨᠠᠮ ᠤᠨ ᠡᠭᠦᠷᠭᠡᠯᠡᠵᠦ ᠪᠠᠶᠢᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠲᠦᠢᠯ ᠤᠨ ᠬᠦᠨᠳᠦ᠂ ᠲᠤᠯᠭᠠᠷᠠᠵᠤ ᠪᠠᠶᠢᠭ᠎ᠠ ᠲᠦᠷᠦ ᠪᠠᠷᠢᠬᠤ ᠣᠷᠴᠢᠨ ᠲᠦᠢᠯ ᠤᠨ | ᠪᠤᠳᠤᠯᠢᠶᠠᠨᠲᠠᠢ᠂ ᠥᠪᠡᠷ ᠪᠡᠶ᠎ᠡ ᠶᠢᠨ ᠬᠤᠪᠢᠰᠬᠠᠯ ᠬᠢᠬᠦ ᠡᠨᠡ ᠬᠦ ᠬᠥᠪᠴᠢ ᠶᠢ ᠡᠷᠬᠡᠪᠰᠢ ᠨᠡᠩ ᠴᠢᠩᠭᠠᠯᠠᠬᠤ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠠᠯᠢ ᠱᠠᠲᠤᠨ ᠳᠤ ᠪᠠᠶᠢᠭᠰᠠᠨ ᠴᠤ ᠲᠡᠷᠡ᠂ ᠶᠠᠮᠠᠷ ᠠᠵᠢᠯ ᠢ | ᠬᠠᠷᠢᠭᠤᠴᠠᠵᠤ ᠪᠠᠶᠢᠭᠰᠠᠨ ᠴᠤ ᠴᠥᠮ ᠥᠪᠡᠷ ᠪᠡᠶ᠎ᠡ ᠶᠢᠨ ᠬᠤᠪᠢᠰᠬᠠᠯ ᠬᠢᠬᠦ ᠬᠠᠷᠢᠭᠤᠴᠠᠯᠭ᠎ᠠ ᠲᠠᠢ ᠪᠠᠶᠢᠬᠤ ᠬᠡᠷᠡᠭᠲᠡᠢ᠃ | ᠤᠳᠤᠷᠢᠳᠬᠤ ᠺᠠᠳ᠋ᠷᠴᠤᠳ ᠡᠩ ᠲᠡᠷᠢᠭᠦᠨ ᠳᠤ ᠳᠡᠭᠡᠳᠦ ᠵᠡᠷᠭᠡ ᠶᠢᠨ ᠺᠠᠳ᠋ᠷᠴᠤᠳ ᠨᠡᠩ ᠴᠤ ᠥᠪᠡᠷ ᠪᠡᠶ᠎ᠡ ᠶᠢᠨ ᠬᠤᠪᠢᠰᠬᠠᠯ | ᠬᠢᠬᠦ ᠲᠠᠯ᠎ᠠ ᠪᠠᠷ ᠪᠡᠶ᠎ᠡ ᠪᠠᠷ ᠢᠶᠠᠨ ᠬᠡᠪ ᠳᠦᠷᠢᠮ ᠪᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠬᠤ ᠳᠤ ᠡᠷᠬᠡᠪᠰᠢ ᠤᠭ ᠦᠨᠳᠦᠰᠦ ᠶᠢ ᠨᠢ | ᠪᠠᠬᠢᠵᠢᠭᠦᠯᠦᠨ ᠬᠥᠮᠥᠵᠢᠭᠦᠯᠵᠦ᠂ ᠨᠠᠮᠴᠢ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠨᠠᠮᠴᠢ ᠴᠢᠨᠠᠷ ᠢᠶᠠᠨ ᠴᠢᠩᠭᠠᠳᠬᠠᠬᠤ ᠶᠢᠨ | ᠭᠤᠣᠯᠳᠠᠯᠭ᠎ᠠ ᠨᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠠᠷᠠᠳ | ᠲᠦᠮᠡᠨ ᠤ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠶᠣᠰᠣ ᠰᠤᠷᠲᠠᠬᠤᠨ ᠵᠠᠩ ᠴᠢᠨᠠᠷ ᠢᠶᠠᠨ | ᠴᠡᠪᠡᠷᠰᠢᠭᠦᠯᠵᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠬᠤ ᠳᠤ ᠪᠠᠶᠢᠨ᠎ᠠ᠃ ᠤᠨᠤᠯ ᠢᠶᠠᠷ ᠵᠡᠪᠰᠡᠭᠯᠡᠬᠦ ᠶᠢ | ᠴᠢᠩᠭᠠᠳᠬᠠᠵᠤ᠂ ᠡᠪ ᠬᠠᠮᠲᠤᠴᠤᠳ ᠤᠨ ᠤᠶᠤᠨ ᠰᠠᠨᠠᠭᠠᠨ ᠤ ᠬᠥᠭᠡᠭᠡᠴᠡᠯᠳᠦᠯ ᠢ ᠪᠠᠲᠤ ᠰᠠᠬᠢᠬᠤ ᠭᠡᠷᠡᠭᠲᠡᠢ︔ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠳᠤ ᠢᠳᠡᠪᠬᠢᠲᠡᠢ | ᠣᠷᠣᠯᠴᠠᠵᠤ᠂ ᠠᠵᠢᠯ ᠬᠢᠵᠦ ᠦᠢᠯᠡᠰ ᠪᠣᠰᠬᠠᠬᠤ ᠳᠤᠮᠳᠠ ᠡᠷᠡᠮᠡᠬᠡᠶᠢᠯᠡᠨ ᠲᠡᠮᠡᠴᠡᠵᠦ᠂ ᠠᠷᠠᠳ ᠲᠦᠮᠡᠨ ᠳᠤ ᠪᠤᠶᠠᠨ ᠦᠢᠯᠡᠳᠬᠦ | ᠳᠤᠮᠳᠠ ᠶᠣᠰᠣ ᠰᠤᠷᠲᠠᠬᠤᠨ ᠤ ᠲᠦᠪᠰᠢᠨ ᠢᠶᠠᠨ ᠳᠡᠭᠡᠭᠰᠢᠯᠡᠭᠦᠯᠭᠦ ᠭᠡᠷᠡᠭᠲᠡᠢ︔ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢᠳᠤᠷᠠᠯ ᠳᠤ ᠢᠳᠡᠪᠬᠢᠲᠡᠢ ᠣᠷᠣᠯᠴᠠᠵᠤ᠂ ᠵᠣᠷᠢᠭᠲᠠᠢ ᠪᠠᠷ ᠥᠪᠡᠷ ᠢ ᠪᠠᠨ ᠪᠠᠶᠢᠴᠠᠭᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠥᠮᠦᠵᠢᠯ ᠪᠠ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠬᠥᠮᠥᠨ | ᠰᠣᠩᠭᠤᠨ ᠬᠥᠮᠥᠨ ᠬᠡᠷᠡᠭᠯᠡᠬᠦ ᠳᠡᠭᠡᠨ ᠨᠠᠮᠴᠢ ᠴᠢᠨᠠᠷ ᠢ ᠢᠯᠭᠠᠨ ᠲᠠᠨᠢᠬᠤ ᠶᠢ ᠴᠢᠩᠭᠠᠳᠬᠠᠵᠤ᠂ ᠺᠠᠳ᠋ᠷ ᠤᠨ ᠤᠶᠤᠨ | ᠰᠠᠨᠠᠭᠠᠨ ᠤ ᠠᠬᠤᠢ ᠪᠠᠶᠢᠳᠠᠯ ᠥᠨᠳᠥᠷᠴᠡ ᠪᠠ ᠦᠨᠡᠨᠴᠢ ᠰᠢᠳᠤᠷᠭᠤ ᠶᠢᠨ ᠬᠡᠮᠵᠢᠶ᠎ᠡ ᠠᠷᠢᠭᠤᠨ ᠴᠢᠬᠡᠴᠢ ᠶᠢᠨ ᠬᠡᠮᠵᠢᠶ᠎ᠡ ᠶᠢ | ᠰᠢᠯᠭᠠᠨ ᠪᠠᠶᠢᠴᠠᠭᠠᠬᠤ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠢᠷᠡᠯ ᠢ ᠡᠰᠡᠷᠭᠦᠴᠡᠬᠦ ᠳᠤ ᠡᠷᠬᠡᠪᠰᠢ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠬᠡᠷᠡᠭᠲᠡᠢ᠃ | ᠡᠷᠬᠡ ᠶᠢ ᠣᠯᠭᠤᠬᠤ ᠡᠷᠬᠡ ᠶᠢ ᠬᠡᠷᠡᠭᠯᠡᠬᠦ ᠡᠷᠬᠡ ᠶᠢ ᠬᠢᠵᠠᠭᠠᠷᠯᠠᠬᠤ ᠶᠢ ᠨᠢᠭᠡᠳᠦᠯᠲᠡᠢ ᠪᠠᠶᠢᠯᠭᠠᠬᠤ᠂ ᠢᠯᠡ ᠲᠣᠳᠣ ᠮᠥᠷᠳᠡᠵᠦ | ᠪᠣᠯᠬᠤᠶᠢᠴᠠ ᠳᠦᠷᠢᠮ ᠲᠣᠭᠲᠠᠴᠠ ᠶᠢ ᠪᠦᠷᠢᠨᠰᠢᠭᠦᠯᠵᠦ᠂ ᠡᠷᠬᠡ ᠶᠢᠨ ᠠᠵᠢᠯᠯᠠᠭᠠᠨ ᠤ ᠳᠤᠲᠠᠭᠳᠠᠯ ᠢ ᠡᠷᠢᠵᠦ᠂ ᠳᠦᠷᠢᠮ ᠤᠨ | ᠳᠤᠲᠠᠭᠤᠳᠠᠯ ᠢ ᠨᠥᠬᠦᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳᠴᠢᠯᠠᠯ | ᠲᠥᠪᠯᠡᠷᠡᠯ ᠤᠨ ᠶᠣᠰᠣ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠡᠷᠬᠡ ᠶᠢᠨ ᠠᠵᠢᠯᠯᠠᠭᠠᠨ ᠳᠤ ᠪᠦᠭᠦ ᠶᠠᠪᠤᠴᠠ ᠪᠠᠷ ᠬᠢᠨᠠᠯᠲᠠ | ᠲᠠᠯᠪᠢᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠠᠯᠢᠪᠠ ᠡᠷᠬᠡ ᠶᠢ ᠴᠥᠮ ᠠᠷᠠᠳ ᠲᠦᠮᠡᠨ ᠣᠯᠭᠤᠭᠰᠠᠨ ᠭᠡᠳᠡᠭ ᠢ | ᠴᠠᠭ ᠢᠮᠠᠭᠲᠠ ᠪᠠᠲᠤ ᠴᠡᠭᠡᠵᠢᠯᠡᠵᠦ᠂ ᠢᠮᠠᠭᠲᠠ ᠠᠷᠠᠳ ᠲᠦᠮᠡᠨ ᠢ ᠭᠦᠨᠳᠦᠳᠭᠡᠵᠦ᠂ ᠵᠣᠬᠢᠶᠠᠨ ᠪᠠᠶᠢᠭᠤᠯᠤᠯᠲᠠ ᠶᠢ | ᠭᠦᠨᠳᠦᠳᠭᠡᠵᠦ᠂ ᠬᠠᠤᠯᠢ ᠰᠠᠬᠢᠯᠭ᠎ᠠ ᠶᠢ ᠬᠦᠨᠳᠦᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠴᠢᠩᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠪᠣᠯ ᠨᠠᠮ ᠤᠨ ᠥᠪᠡᠷ ᠪᠡᠶ᠎ᠡ ᠶᠢᠨ | ᠬᠤᠪᠢᠰᠬᠠᠯ ᠬᠢᠬᠦ ᠬᠤᠷᠴᠠ ᠵᠡᠪᠰᠡᠭ ᠮᠥᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠡᠷᠬᠡᠪᠰᠢ | ᠡᠷᠡᠰ ᠰᠢᠢᠳᠪᠦᠷᠢᠯᠡᠬᠦ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ | ᠤᠶᠠᠯᠳᠤᠭᠤᠯᠵᠤ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢᠨ ︽ᠡᠮᠦᠨ᠎ᠡ ᠬᠠᠷᠠᠭᠤᠯ︾ ᠤᠨ | ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠡᠯ᠎ᠡ ᠲᠦᠷᠦᠯ ᠤᠨ ᠬᠢᠨᠠᠯᠲᠠ ᠶᠢᠨ ᠨᠡᠪᠲᠡᠷᠡᠯᠴᠡᠨ ᠵᠣᠬᠢᠴᠠᠯᠳᠤᠬᠤ ᠶᠢ | ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ | ᠨᠡᠪᠲᠡᠯᠬᠦ ᠬᠦᠴᠦᠨ ᠪᠠ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ᠃ ᠰᠤᠷᠲᠠᠯ ᠢᠯᠵᠢᠷᠡᠯ ᠢ ᠵᠡᠷᠭᠡ ᠪᠠᠷ | ᠪᠠᠶᠢᠴᠠᠭᠠᠵᠤ ᠵᠡᠷᠭᠡ ᠪᠠᠷ ᠵᠠᠰᠠᠬᠤ ᠡᠷᠴᠢᠮ ᠢ ᠴᠢᠩᠭᠠᠷᠠᠭᠤᠯᠵᠤ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠴᠢᠩᠭ᠎ᠠ | ᠱᠠᠭᠠᠷᠳᠠᠯᠭ᠎ᠠ ᠶᠢ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠶᠣᠰᠣ ᠳᠦᠷᠢᠮ ᠢ ᠬᠠᠲᠠᠭᠤ ᠴᠢᠩᠭ᠎ᠠ | ᠪᠠᠶᠢᠯᠭᠠᠵᠤ᠂ ᠪᠦᠭᠦ ᠨᠠᠮ ᠳᠤ ᠡᠷᠡᠰ ᠴᠢᠩᠭ᠎ᠠ᠂ ᠤᠬᠳᠤ ᠨᠠᠶᠢᠷ ᠲᠠᠯᠪᠢᠬᠤ ᠦᠭᠡᠢ ᠳᠣᠬᠢᠶ᠎ᠠ ᠥᠭᠴᠦ᠂ ᠵᠢᠷᠦᠬᠡᠰᠢᠶᠡᠯᠭᠡᠬᠦ | ᠦᠢᠯᠡᠳᠦᠯ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ | ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ︽ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠵᠡᠷᠭᠡ ᠪᠦᠷᠢᠨ ᠪᠦᠲᠦᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠬᠠᠷᠢᠭᠤᠴᠠᠯᠭ᠎ᠠ | ᠨᠢᠭᠡᠪᠦᠷᠢ ᠶᠢ ᠴᠥᠮ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ | ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠤᠭᠰᠠᠨ ᠤ ᠬᠤᠪᠢ ᠳᠤ᠂ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ | ᠬᠠᠷᠢᠶᠠᠨ ᠳᠠᠬᠢ ᠪᠠᠨ ᠴᠢᠩᠭ᠎ᠠ ᠬᠠᠮᠢᠶᠠᠷᠴᠤ᠂ ᠱᠠᠲᠤ ᠱᠠᠲᠤ ᠪᠠᠷ ᠳᠠᠷᠤᠯᠲᠠ ᠥᠭᠴᠦ᠂ ᠴᠢᠩᠭ᠎ᠠ ᠠᠭᠤᠷ ᠠᠮᠢᠰᠬᠤᠯ ᠢ ᠦᠨᠡᠨ | ᠬᠦ ᠪᠤᠢ ᠪᠤᠯᠭᠠᠵᠤ᠂ ᠲᠥᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠨᠥᠬᠦᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠦᠭᠦ | ᠨᠠᠮ ᠳᠤ ᠬᠡᠪ ᠳᠠᠭᠤᠷᠢᠶᠠᠯ ᠦᠵᠡᠭᠦᠯᠵᠦ᠂ ᠦᠯᠢᠭᠡᠷ ᠳᠠᠭᠤᠷᠢᠶᠠᠯ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠢ ᠴᠢᠩᠭ᠎ᠠ ᠬᠤᠷᠢᠭᠯᠠᠵᠤ᠂ ᠰᠤᠷᠲᠠᠯ ᠤᠨ | ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ | ᠰᠤᠷᠤᠯᠴᠠᠯᠭ᠎ᠠ ᠬᠥᠮᠦᠵᠢᠯ ᠢ ᠰᠠᠶᠢᠲᠤᠷ ᠡᠬᠢᠯᠡᠭᠦᠯᠵᠦ ᠰᠠᠶᠢᠲᠤᠷ ᠲᠡᠭᠦᠰᠬᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ | ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |