ᠤᠯᠤᠰ ᠲᠥᠷᠥ ᠶᠢᠨ ᠵᠥᠪᠯᠡᠯᠭᠡᠨ ᠤ ᠬᠢᠨ ︽7.1︾᠎ ᠤ ᠲᠤᠬᠤᠨᠢᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2025/7/4
  ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠴᠢᠩᠭᠠᠳᠬᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠵᠠᠨ ᠪᠦᠦ᠂ ᠳᠡᠳ᠋ ᠲᠡᠷᠢᠭᠦᠯᠡᠭᠴᠢ ᠵᠣᠣ ᠵᠢᠶᠠᠨ ᠳ᠋ᠦᠩ ᠵᠡᠷᠭᠡ ᠬᠦᠮᠦᠰ ᠰᠢᠩ ᠹᠦ᠋ ᠰᠢᠶᠠᠩ ᠳᠤ ᠬᠦᠨᠵᠡᠬᠡᠶᠢᠷᠡᠵᠦ ︽7.1︾᠎ ᠤ ᠲᠤᠬᠤᠨᠢᠭᠤᠯᠭ᠎ᠠ ᠬᠢᠵᠡᠢ᠃  ᠰᠢᠩ ᠹᠦ᠋ ᠰᠢᠶᠠᠩ ᠤᠨ ᠨᠠᠮ ᠤᠨ  ᠬᠤᠷᠢᠶᠠᠨ ᠤ ᠱᠦᠵᠢ ᠵᠣᠣ ᠢᠦᠶ ᠪᠦᠦ ᠪᠠᠷ᠎ᠠ ᠪᠤᠯᠪᠠ᠃ ᠲᠤᠬᠤᠨᠢᠭᠤᠯᠬᠤ ᠪᠦᠯᠬᠦᠮ ᠤᠨ ᠎ ᠬᠢᠨ ᠠᠬᠠᠮᠠᠳ ᠨᠠᠮ ᠤᠨ ᠭᠡᠰᠢᠭᠦᠨ ᠤ ᠭᠡᠷ ᠲᠤ ᠬᠦᠷᠴᠦ᠂  ᠲᠤᠬᠤᠨᠢᠭᠤᠯᠭ᠎ᠠ ᠶᠢᠨ ᠡᠳ᠋ ᠮᠦᠩᠬᠦ ᠶᠢ ᠭᠠᠷᠳᠠᠭᠤᠯᠤᠨ᠂ ᠲᠡᠳᠡᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠪᠣᠯᠤᠨ ᠭᠡᠷ ᠪᠦᠯᠢ ᠶᠢᠨ ᠪᠠᠶᠢᠳᠠᠯ ᠢ ᠨᠢ ᠬᠠᠯᠠᠮᠵᠢᠯᠠᠨ ᠠᠰᠠᠭᠤᠬᠤ ᠶᠢᠨ ᠬᠠᠮᠳᠤ᠂ ᠠᠬᠠᠮᠠᠳ ᠨᠠᠮ ᠤᠨ ᠭᠡᠰᠢᠭᠦᠨ ᠤ ᠨᠠᠮ ᠤᠨ ᠦᠢᠯᠡᠰ ᠲᠤ ᠠᠰᠤᠷᠤ ᠶᠡᠭᠡ ᠬᠤᠪᠢ ᠨᠡᠮᠡᠷᠢ ᠦᠵᠡᠭᠦᠯᠦᠭᠰᠡᠨ ᠳᠤ ᠴᠢᠩ ᠰᠡᠳᠬᠢᠯ ᠤᠨ ᠲᠠᠯᠠᠷᠬᠠᠯ ᠲᠡᠪᠰᠢᠬᠦᠯᠵᠦ᠂  ᠬᠦᠴᠢᠷᠳᠡᠯ ᠲᠤᠬᠢᠶᠠᠯᠳᠤᠪᠠᠯ ᠴᠠᠭ ᠲᠤᠬᠠᠢ ᠳᠤᠨᠢ ᠨᠠᠮ ᠤᠨ ᠵᠣᠬᠢᠶᠠᠨ ᠪᠠᠶᠢᠭᠤᠯᠤᠯᠲᠠ ᠳᠠᠭᠠᠨ ᠲᠤᠰᠬᠠᠭᠠᠷᠠᠢ ᠭᠡᠵᠦ ᠵᠠᠬᠢᠭᠰᠠᠨ ᠪᠠᠶᠢᠯ᠎ᠠ᠃  ᠡᠨᠡ ᠤᠳᠠᠭᠠᠨ ᠤ ᠲᠣᠬᠤᠨᠢᠭᠤᠯᠭ᠎ᠠ ᠨᠢ ᠠᠬᠠᠮᠠᠳ ᠨᠠᠮ ᠤᠨ  ᠭᠡᠰᠢᠬᠦᠳ ᠲᠤ ᠡᠳ᠋ ᠪᠣᠳᠠᠰ ᠤᠨ ᠲᠠᠯ᠎ᠠ ᠪᠠᠷ ᠬᠢ ᠬᠠᠶᠢᠷ᠎ᠠ ᠬᠠᠯᠠᠮᠵᠢ ᠬᠦᠷᠭᠡᠭᠰᠡᠨ ᠢᠶᠠᠷ ᠪᠠᠷᠠᠬᠤ ᠥᠬᠡᠶ᠂  ᠣᠶᠤᠨ ᠰᠠᠨᠠᠭᠠᠨ ᠤ ᠲᠠᠯ᠎ᠠ ᠪᠠᠷ ᠬᠢ ᠤᠷᠮᠠᠰᠢᠭᠤᠯᠤᠯ ᠵᠣᠷᠢᠭᠵᠢᠭᠤᠯᠤᠯ ᠬᠦᠷᠭᠡᠭᠰᠡᠨ ᠪᠠᠶᠢᠨ᠎ᠠ᠃ ᠠᠬᠠᠮᠠᠳ ᠨᠠᠮ ᠤᠨ ᠭᠡᠰᠢᠭᠦᠳ ᠢᠯᠡᠷᠭᠡᠶᠢᠯᠡᠬᠦ ᠳᠡᠭᠡᠨ ︽ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢᠶᠠᠨ ᠢᠮᠠᠭᠲᠠ ᠴᠡᠭᠡᠵᠢᠯᠡᠵᠦ᠂ ᠤᠭ ᠰᠠᠨᠠᠭ᠎ᠠ ᠪᠠᠨ ᠦᠯᠦ ᠮᠠᠷᠳᠠᠨ᠂ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠰᠢᠩ ᠹᠦ᠋ ᠰᠢᠶᠠᠩ ᠤᠨ  ᠎ ᠢᠶᠠᠨ ᠴᠤᠭᠴᠠᠯᠠᠯᠳᠠ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾  ᠭᠡᠵᠡᠭᠡᠪᠡ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号